ᠲᠣᠰᠬᠤᠨ ᠤ ᠬᠦᠯᠡᠮᠵᠢ ᠶᠢ ᠤᠳᠠᠭᠠᠨ ᠵᠢᠯ ᠵᠠᠰᠠᠭᠰᠠᠨ ᠦᠭᠡᠢ ᠤᠴᠢᠷ ᠠᠴᠠ ᠲᠠᠬᠢᠨ ᠵᠠᠰᠠᠵᠤ ᠲᠡᠰ | ᠳᠡᠪᠰᠢᠭᠦᠯᠦᠨ ᠥᠭᠡᠷᠡᠴᠢᠯᠡᠬᠦ ᠴᠢᠬᠤᠯᠠᠲᠠᠢ ᠪᠠᠶᠢᠨ᠎ᠠ᠂ ᠬᠡᠷᠬᠢᠨ ᠲᠣᠰᠬᠤᠨ ᠤ ᠠᠷᠠᠳ ᠲᠤ ᠵᠠᠰᠠᠭ ᠤᠨ ᠣᠷᠳᠣᠨ ᠤ | ᠲᠦᠷᠦ ᠶᠢᠨ ᠪᠤᠳᠤᠯᠭ᠎ᠠ ᠶᠢ ᠡᠳ᠋ᠯᠡᠭᠦᠯᠬᠦ ᠪᠤᠢ︖ ᠲᠠᠷᠢᠶᠠᠨ ᠤ ᠵᠠᠮ ᠵᠠᠰᠠᠬᠤ ᠨᠢ ᠲᠠᠷᠢᠶᠠᠴᠢᠳ ᠤᠨ ᠦᠢᠯᠡᠳᠪᠦᠷᠢᠯᠡᠯ ᠢ | ᠪᠠᠲᠤᠯᠠᠬᠤ ᠳᠤ ᠠᠰᠢᠭᠲᠠᠶ ᠤᠤ︖ ᠪᠦᠬᠦ ᠪᠠᠲᠤ ᠶᠢᠨ ᠲᠥᠯᠥᠭᠡᠯᠡᠭᠴᠢᠳ ᠤᠨ ᠭᠡᠷ ᠪᠦᠯᠢ ᠶᠢᠨ ᠬᠢᠨ ᠦᠢᠮᠡᠯᠳᠦᠨ | ᠱᠤᠤᠭᠢᠯᠳᠤᠵᠤ᠂ ᠬᠦᠷ ᠬᠥᠭᠵᠢᠶᠡᠨ ᠲᠠᠢ ᠶᠠᠷᠢᠯᠴᠠᠵᠠᠭᠠᠪᠠ᠃ | 10 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠷᠢᠨᠭᠡᠷ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ︽ᠵᠢᠷᠭᠤᠭ᠎ᠠ ᠶᠢ | ᠲᠥᠯᠥᠭᠡᠯᠡᠭᠴᠢᠳ ᠤᠨ ᠬᠡᠷ ᠲᠤ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠂ ᠲᠣᠰ | ᠠᠵᠢᠯᠯᠠᠭ᠎ᠠ ᠶᠢ ᠬᠤᠷᠢᠨᠭᠡᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ | ᠵᠢᠶᠦ᠋ᠨ ᠡᠷᠭᠢᠯᠡᠵᠦ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ | ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 5 ᠲᠣᠭᠤᠷᠢᠭ ᠤᠨ ᠲᠠᠰ ᠤᠨ ᠨᠢᠭᠡᠴᠡ ᠵᠢᠴᠢ ᠲᠣᠭᠤᠷᠢᠭ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠡᠶᠢᠲᠡ 40 ᠭᠠᠷᠤᠶ ᠬᠥᠮᠦᠨ | ᠣᠷᠣᠯᠴᠠᠵᠠᠶ᠃ | ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠨᠢᠭᠡᠴᠡ ᠠᠴᠠ ᠲᠤᠰ ᠲᠤᠰ ᠤᠨ | ᠨᠢᠭᠡᠴᠡ ᠶᠢᠨ ᠢᠶᠠᠨ ᠡᠭᠦᠷᠭᠡ ᠴᠢᠳᠠᠪᠬᠢ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠷᠢᠨ | ᠨᠢᠭᠲᠠ ᠲᠠᠨᠢᠯᠴᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤᠰ | ᠲᠤᠰ ᠤᠨ ᠴᠤᠭᠯᠠᠭᠤᠯᠤᠭᠰᠠᠨ ᠬᠥᠳᠡᠭᠡ ᠠᠵᠤ ᠠᠬᠤᠢ ᠶᠢᠨ ᠬᠥᠭᠵᠢᠯᠲᠡ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ᠂ ᠨᠡᠶᠢᠭᠡᠮ ᠤᠨ ᠪᠠᠲᠤᠯᠠᠪᠤᠷᠢ᠂ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠲᠤᠨ ᠳᠠᠭᠠᠬᠤ ᠵᠢᠴᠢ | ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠬᠠᠯᠠᠮᠰᠢᠯ ᠠᠰᠠᠭᠤᠳᠠᠯ ᠤᠨ ᠲᠤᠬᠠᠢ ᠲᠥᠪᠯᠡᠷᠡᠭᠦᠯᠦᠨ ᠬᠠᠷᠢᠭᠤ | ᠲᠤᠰᠬᠠᠪᠠ᠃ ᠲᠣᠰᠬᠤᠨ ᠤ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ ᠭᠠᠵᠠᠷ ᠰᠢᠷᠣᠶ ᠶᠢᠨ ᠤᠰᠤᠯᠠᠯᠲᠠ ᠶᠢᠨ | ᠬᠦᠴᠢᠷ ᠠᠰᠠᠭᠤᠳᠠᠯ᠂ ᠲᠠᠷᠢᠶᠠᠨ ᠭᠠᠵᠠᠷ ᠲᠤ ᠤᠰᠤ ᠵᠠᠯᠠᠬᠤ᠂ ᠠᠮᠢᠳᠤᠷᠠᠯ ᠳᠤ ᠬᠡᠷᠡᠭᠯᠡᠬᠦ ᠤᠰᠤ᠂ | ᠨᠠᠰᠤᠲᠠᠶᠢᠴᠤᠳ ᠤᠨ ᠡᠮ ᠡᠮᠨᠡᠯᠭᠡ ᠶᠢᠨ ᠦᠢᠯᠡᠴᠢᠯᠡᠭᠡ ᠵᠡᠷᠭᠡ ᠠᠰᠠᠭᠤᠳᠠᠯ ᠨᠢ ᠶᠠᠷᠢᠯᠴᠠᠭᠠᠨ ᠤ ᠲᠥᠪᠯᠡᠷᠡᠯ ᠤᠨ ᠴᠡᠭ | ᠪᠣᠯᠵᠠᠶ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠲᠤᠰ ᠲᠤᠰ ᠤᠨ | ᠬᠦᠷᠢᠶᠡᠨ ᠤ ᠪᠠᠨ ᠠᠵᠢᠯ ᠤᠨ ᠲᠣᠭᠤᠷᠢᠨ ᠳᠤ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠪᠠ | ᠥᠷᠭᠡᠨ ᠤᠯᠠᠨ ᠠᠷᠠᠳ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠪᠠ | ᠪᠡᠷᠬᠡᠲᠡᠶ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠴᠡᠶ᠃ | ᠬᠤᠷᠠᠯ ᠤᠨ ᠲᠠᠷᠠᠭ᠎ᠠ᠂ ᠦᠶᠡᠷ ᠤᠰᠤᠲᠤᠯ ᠠᠴᠠ ᠪᠤᠯᠵᠤ ᠲᠠᠷᠢᠶ᠎ᠠ ᠬᠠᠳᠤᠬᠤ ᠳᠤ ᠬᠦᠴᠢᠷ ᠪᠣᠯᠤᠭᠰᠠᠨ | ᠪᠠᠶᠢᠳᠠᠯ ᠳᠤ ᠴᠢᠭᠯᠡᠭᠦᠯᠦᠨ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠪᠣᠯᠤᠨ ᠡᠯ᠎ᠡ ᠲᠣᠰᠬᠤᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠲᠥᠰᠦᠯ ᠢ ᠵᠥᠪᠳᠡᠵᠦ᠂ ᠡᠯ᠎ᠡ ᠨᠢᠭᠡᠴᠡ ᠶᠢᠨ ᠬᠢᠨ | ᠬᠠᠪᠰᠤᠷᠴᠤ ᠵᠣᠬᠢᠴᠠᠭᠤᠯᠤᠨ ᠰᠢᠢᠳᠪᠦᠷᠢᠯᠡᠨ᠎ᠡ ᠭᠡᠵᠦ ᠢᠯᠡᠳᠬᠡᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠬᠡᠬᠦ ᠴᠢᠳᠠᠪᠤᠷᠢ ᠪᠠ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠯ᠎ᠡ ᠵᠥᠢᠯ ᠤᠨ | ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠷᠢᠨᠭᠡᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠦᠷᠭᠦᠯᠵᠢᠯᠡᠨ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠰᠠᠨᠠᠯ | ᠰᠠᠨᠠᠭᠤᠯᠭ᠎ᠠ ᠶᠢ ᠬᠤᠷᠢᠶᠠᠩᠭᠤᠶᠢᠯᠠᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠡᠷ︾ ᠤᠨ ᠲᠠᠪᠴᠠᠩ ᠳᠤ ᠤᠯᠠᠮ ᠨᠢᠭᠡ ᠠᠯᠬᠤᠮ ᠲᠦᠰᠢᠭᠯᠡᠨ᠂ ᠠᠷᠠᠳ ᠣᠯᠠᠨ ᠲᠠᠢ ᠨᠢᠭᠲᠠ | ᠬᠠᠷᠢᠯᠴᠠᠵᠤ᠂ ︽ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ︾ ︽ᠨᠡᠶᠢᠭᠡᠮ ᠤᠨ ᠪᠠᠶᠢᠳᠠᠯ ᠤᠨ ᠠᠵᠢᠭᠯᠠᠭᠴᠢ︾ | ᠪᠠ ︽ᠠᠷᠠᠳ ᠤᠨ ᠰᠠᠨᠠᠭ᠎ᠠ ᠶᠢᠨ ᠣᠷᠣᠯᠠᠨ ᠥᠭᠦᠯᠡᠭᠴᠢ︾ ᠪᠣᠯᠬᠤ ᠪᠣᠯᠤᠨ᠎ᠠ᠃ | | |