ᠵᠢᠤ ᠶᠤᠸᠠᠨ ᠲᠣᠭᠤᠷᠢᠭ ᠤᠨ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/10/30
    ᠣᠶᠢᠷ᠎ᠠ ᠳᠤ᠂ ᠪᠤᠭᠤᠲᠤ ᠬᠤᠲᠠ 2023 ᠣᠨ ᠤ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠦᠷᠢᠳᠬᠡᠯ ᠤᠨ ᠠᠯᠪᠠᠨ ᠮᠡᠳᠡᠭᠡ ᠶᠢ ᠨᠡᠶᠢᠲᠡᠯᠡᠵᠦ᠂ ᠮᠠᠨ ᠤ ᠣᠷᠣᠨ ᠤ 2023 ᠣᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 4.51 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 1.31 ᠳ᠋ᠦᠩᠰᠢᠭᠤᠷ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 41% ᠬᠦᠷᠴᠦ᠂ R&D ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ 1.28% ᠬᠦᠷᠴᠦ᠂ ᠳᠡᠭᠡᠷ᠎ᠡ ᠵᠢᠯ ᠤᠨ ᠬᠢ ᠠᠴᠠ 0.27 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠳᠤ ᠳᠥᠷᠪᠡᠳᠦᠭᠡᠷ ᠲᠤ ᠣᠷᠣᠵᠤ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃    ᠡᠨᠡ ᠵᠢᠯ ᠠᠴᠠ ᠨᠠᠰᠢ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂  ᠲᠣᠭᠤᠷᠢᠭ  ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠃ ᠨᠢᠭᠡ ᠳᠤ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠰᠢᠷᠢᠰ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠡᠶᠢᠲᠡ 11 ᠲᠠᠯᠠᠪᠤᠷ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠵᠦ᠂ 60 ᠭᠠᠷᠤᠶ ᠠᠵᠤ ᠠᠬᠤᠶᠢᠯᠠᠯ ᠳᠤ ᠦᠢᠯᠡᠴᠢᠯᠡᠪᠡ᠃ ᠬᠤᠶᠠᠷ ᠲᠤ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠶᠢ ᠪᠥᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠳᠤ ᠬᠦᠷᠴᠦ ᠪᠠᠶᠢᠴᠠᠭᠠᠨ ᠣᠨᠣᠰᠢᠯᠠᠬᠤ ᠶᠢᠨ ᠰᠤᠳᠠᠯ ᠪᠠᠷᠢᠬᠤ ᠬᠡᠷᠡᠭᠲᠡᠶ ᠃ ︽ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠵᠦ᠂ ᠱᠠᠲᠤ ᠱᠠᠲᠤ ᠪᠠᠷ ᠠᠬᠢᠭᠤᠯᠵᠤ᠂ ᠨᠢᠭᠡ ᠠᠵᠤ ᠠᠬᠤᠶᠢᠯᠠᠯ ᠢ ᠴᠤ ᠣᠷᠬᠢᠭᠳᠠᠭᠤᠯᠬᠤ ᠥᠬᠡᠶ︾ ᠪᠠᠶᠢᠬᠤ ᠵᠠᠷᠴᠢᠮ ᠶᠣᠰᠣᠭᠠᠷ᠂ 62 ᠡᠷᠦᠬᠡ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠠᠭᠤᠳᠠᠯᠬᠤ ᠶᠢᠨ ᠬᠠᠮᠲᠤ ᠪᠦᠲᠦᠮᠵᠢᠲᠡᠶ ᠰᠢᠢᠳᠪᠦᠷᠢᠯᠡᠬᠦ ᠲᠥᠰᠦᠯ ᠬᠠᠩᠭᠠᠨ᠎ᠠ︔ ᠭᠤᠷᠪᠠ ᠳᠤ ᠴᠡᠭ ᠢᠶᠠᠷ ᠨᠡᠶᠢᠳᠡᠮ ᠢ ᠲᠠᠶᠢᠴᠢᠯᠠᠨ ᠥᠨᠳᠥᠷ ᠡᠨᠧᠷᠭᠢ ᠶᠢᠨ ᠲᠡᠰ ᠤᠨ ᠰᠢᠨ᠎ᠡ ᠶᠢ ᠡᠭᠦᠳᠬᠦ ᠲᠠᠪᠴᠠᠩ ᠢ ᠪᠦᠬᠦ ᠲᠠᠯ᠎ᠠ ᠪᠠᠷ ᠪᠠᠶᠢᠭᠤᠯᠤᠨ᠎ᠠ᠃ ᠪᠥᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ︽ᠬᠠᠷ᠎ᠠ ᠳ᠋ᠧᠩ ᠤᠨ ᠲᠤᠷᠰᠢᠯᠲᠠ ᠶᠢᠨ ᠲᠠᠰᠤᠭ︾ — ᠱᠧᠨᠵᠧᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠯᠠᠭᠠᠨ ᠤ ᠰᠢᠨ᠎ᠡ ᠶᠢ ᠡᠭᠦᠳᠬᠦ ᠮᠣᠯᠧᠺᠦ᠋ᠯ ᠤᠨ ᠣᠶᠤᠨᠴᠢ ᠵᠢᠷᠤᠭ ᠲᠥᠯᠥᠪᠯᠡᠭᠡ ᠪᠠ ᠨᠡᠶᠢᠯᠡᠮᠡᠯ ᠲᠠᠪᠴᠠᠩ ᠢ ᠪᠠᠶᠢᠭᠤᠯᠵᠤ᠂ ᠳ᠋ᠠᠯᠢᠶᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠵᠢᠦ ᠶᠤᠸᠠᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠳᠠᠪᠤᠰᠤ ᠶᠡᠬᠡᠲᠡᠶ ᠬᠠᠶᠠᠭᠳᠠᠮᠠᠯ ᠤᠰᠤ ᠶᠢ ᠰᠢᠢᠳᠪᠦᠷᠢᠯᠡᠬᠦ ᠲᠥᠷᠥᠯ ᠵᠥᠢᠯ ᠵᠡᠷᠭᠡ 11 ᠵᠥᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠷᠰᠢᠨ ᠤᠯᠠᠷᠢᠭᠤᠯᠬᠤ ᠶᠢ ᠳᠥᠯᠭᠢᠨ ᠠᠬᠢᠭᠤᠯᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠬᠦᠴᠦᠨ ᠵᠥᠢᠯ ᠢ ᠲᠠᠰᠤᠷᠠᠯᠲᠠ ᠥᠬᠡᠶ ᠲᠥᠪᠯᠡᠷᠡᠭᠦᠯᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ︽ᠨᠢᠭᠡ ᠴᠥᠮ᠎ᠡ ᠪᠠᠷ ᠬᠥᠲᠥᠯᠦᠨ ᠳᠠᠭᠠᠭᠤᠯᠬᠤ᠂ ᠤᠯᠠᠨ ᠲᠠᠯ᠎ᠠ ᠪᠠᠷ ᠬᠦᠴᠦᠨ ᠢᠶᠠᠨ ᠲᠥᠪᠯᠡᠷᠡᠭᠦᠯᠬᠦ᠂ ᠭᠤᠷᠪᠠᠨ ᠱᠠᠲᠤ ᠪᠠᠷ ᠲᠤᠯᠭᠠᠭᠤᠷᠢᠯᠠᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠲᠡᠰ ᠳᠡᠪᠰᠢᠬᠦ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠮᠳᠤᠭᠤᠯᠬᠤ ᠴᠢᠳᠠᠪᠤᠷᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号