ᠯᠢᠦ ᠵᠢᠶᠦ᠋ᠨ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/12
    11 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ ᠶᠡᠷᠦᠩᠬᠡᠶ ᠱᠦᠵᠢ ᠰᠢ ᠶᠢᠨ ᠫᠢᠩ ᠤᠨ ᠲᠡᠶᠢᠷᠦᠯᠲᠦ ᠰᠤᠮᠤ ᠶᠢᠨ ᠴᠡᠷᠢᠭ ᠤᠨ ᠨᠢᠭᠡᠨ ᠪᠠᠷᠢᠭᠠᠳᠠ᠂ ᠰᠢᠭᠦᠷᠲᠦ ᠴᠡᠷᠢᠭ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠪᠥᠬᠦ ᠴᠡᠷᠢᠭ ᠤᠨ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠤᠨ ᠬᠤᠷᠠᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ᠎ᠠ︔ ︽ᠵᠢᠥ ᠶᠤᠸᠠᠨ ᠲᠣᠭᠤᠷᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ︾᠂ ︽ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠪᠦᠬᠦ ᠲᠤᠭᠤᠷᠢᠭ ᠤᠨ ᠴᠡᠷᠢᠭ ᠤᠨ ᠶᠠᠪᠤᠳᠠᠯ ᠤᠨ ᠤᠨᠤᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ︾᠂ ︽ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠪᠦᠬᠦ ᠲᠠᠯ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ︾ ᠢ ᠰᠤᠳᠤᠯᠤᠨ ᠬᠢᠨᠠᠨ ᠵᠥᠪᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
111.jpg  
     ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠤᠬᠠᠭᠤᠯᠭ᠎ᠠ ᠶᠢᠨ ᠡᠬᠡ ᠪᠢᠴᠢᠭ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠣᠶᠣᠯ ᠤᠨ ᠥᠪ ᠢ ᠤᠯᠠᠮᠵᠢᠯᠠᠬᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠰᠣᠶᠣᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠵᠡᠷᠭᠡ ᠦᠷ᠎ᠡ ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠦᠲᠦᠮᠵᠢᠲᠡᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠠᠷᠭᠠᠴᠠᠬᠤ ᠰᠢᠰᠲ᠋ᠧᠮ ᠢ ᠪᠠᠶᠢᠭᠤᠯᠵᠤ᠂ ︽ᠤᠮᠠᠷᠠᠲᠤ ᠶᠢᠨ ᠰᠣᠶᠣᠯ ᠢ ᠪᠠᠳᠠᠷᠠᠭᠤᠯᠬᠤ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠢ ᠰᠣᠶᠣᠯ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠢᠮᠠᠭᠲᠠ ᠠᠰᠠᠭᠤᠳᠠᠯ ᠳᠤ ᠴᠢᠭᠯᠡᠭᠦᠯᠵᠦ᠂ ᠠᠰᠠᠭᠤᠳᠠᠯ ᠢ ᠨᠡᠬᠡᠮᠵᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠤᠨ ᠲᠣᠭᠤᠷᠢᠨ ᠳᠤ᠂ ᠥᠭᠡᠷᠡᠴᠢᠯᠡᠯᠲᠡ ᠶᠢᠨ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠴᠢᠭᠯᠡᠯ ᠢ ᠡᠵᠡᠮᠳᠡᠵᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ᠃ ᠪᠣᠳᠠᠲᠤ ᠳᠠᠶᠢᠨ ᠤ ᠬᠡᠷᠡᠭᠴᠡᠭᠡ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠴᠡᠷᠢᠭ ᠤᠨ ᠶᠠᠪᠤᠳᠠᠯ ᠤᠨ ᠤᠨᠤᠯ ᠤᠨ ᠰᠤᠷᠤᠯᠴᠠᠯᠭ᠎ᠠ ᠶᠢ ᠶᠡᠬᠡᠪᠡᠷ ᠠᠳᠬᠤᠵᠤ᠂ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠯᠳᠤᠬᠤ ᠤᠬᠠᠮᠰᠠᠷ ᠢ ᠴᠢᠩᠭᠠᠳᠬᠠᠵᠤ᠂ ᠡᠷᠦᠭᠡ ᠶᠢᠨ ᠴᠡᠷᠢᠭ ᠤᠨ ᠲᠠᠶᠢᠴᠢᠨ ᠵᠣᠷᠢᠭ ᠰᠠᠨᠠᠭ᠎ᠠ ᠶᠢ ᠪᠤᠶᠢᠵᠢᠭᠤᠯᠬᠤ ᠶᠢ ᠴᠢᠩᠭ᠎ᠠ ᠠᠳᠬᠤᠵᠤ᠂ ᠴᠡᠷᠢᠭ ᠡᠯᠰᠡᠬᠦ᠂ ᠡᠷᠦᠭᠡ ᠶᠢᠨ ᠴᠡᠷᠢᠭ ᠤᠨ ᠪᠣᠯᠪᠠᠰᠤᠷᠠᠯ ᠪᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠡᠷᠢᠭ ᠠᠩᠬᠢ ᠪᠠ ᠣᠷᠣᠨ ᠨᠤᠲᠤᠭ ᠬᠠᠮᠵᠢᠯᠴᠠᠭᠰᠠᠨ᠂ ᠭᠦᠨᠵᠡᠭᠡᠢ ᠠᠭᠤᠰᠤᠯᠴᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号