10 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ︽ᠶᠡᠭᠡ | ᠲᠣᠬᠤᠢ︾ ᠶᠢᠨ ᠬᠡᠰᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠢ ᠶᠢᠨ ᠠᠬᠢᠭᠤᠯᠬᠤ ᠬᠤᠷᠠᠯ | ᠣᠷᠳᠣᠰ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠬᠠᠲᠤᠨ ᠭᠤᠣᠯ ᠤᠨ ︽ᠶᠡᠭᠡ ᠲᠣᠬᠤᠢ︾ ᠶᠢᠨ ᠭᠡᠰᠡᠭ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠰᠢᠪᠠᠷ ᠡᠯᠡᠰᠦ ᠬᠠᠲᠤᠨ ᠭᠤᠣᠯ ᠳᠤ | ᠤᠷᠤᠰᠤᠨ ᠣᠷᠣᠬᠤ ᠪᠣᠯᠣᠨ ᠰᠠᠯᠬᠢ ᠰᠢᠭᠤᠷᠭ᠎ᠠ ᠶᠢᠨ ᠳᠠᠭᠠᠷᠢᠯᠲᠠ ᠶᠢᠨ ᠬᠤᠶᠠᠷ ᠶᠡᠭᠡ ᠬᠤᠣᠷ ᠬᠥᠨᠥᠭᠡᠯ ᠳᠤ | ᠠᠩᠬᠠᠷᠤᠯ ᠢᠶᠠᠨ ᠲᠥᠪᠯᠡᠷᠡᠭᠦᠯᠦᠨ᠂ ᠡᠯᠡᠰᠦ ᠮᠠᠩᠬ᠎ᠠ ᠬᠠᠲᠤᠨ ᠭᠤᠣᠯ ᠳᠤ ᠤᠷᠤᠰᠤᠨ ᠣᠷᠣᠬᠤ ᠶᠢ ᠬᠤᠷᠢᠬᠯᠠᠬᠤ᠂ | ᠠᠭᠤᠯᠠ ᠶᠢ ᠡᠯᠡᠰᠤ ᠮᠠᠩᠬ᠎ᠠ ᠪᠦᠷᠬᠦᠬᠦ ᠶᠢ ᠬᠤᠷᠢᠬᠯᠠᠬᠤ᠂ ᠡᠯᠡᠰᠦ ᠶᠢ ᠡᠵᠡᠮᠳᠡᠨ ᠡᠬᠢ ᠡᠭᠦᠰᠦᠯ ᠠᠴᠠ ᠨᠢ ᠠᠷᠢᠯᠭᠠᠬᠤ | ᠂ ᠠᠮᠢ ᠠᠬᠤᠢ ᠶᠢ ᠬᠠᠮᠠᠭᠠᠯᠠᠬᠤ 4 ᠳᠠᠶᠢᠯᠠᠯᠳᠤᠭᠠᠨ ᠢ ᠰᠠᠶᠢᠲᠤᠷ ᠬᠢᠵᠦ᠂ ᠲᠠᠷᠢᠶᠠᠯᠠᠩ ᠤᠨ ᠤᠰᠤ ᠠᠷᠪᠢᠯᠠᠬᠤ᠂ | ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠬᠤᠯᠪᠣᠭᠳᠠᠯ | ᠪᠦᠬᠦᠢ ᠠᠵᠢᠯ ᠢ ᠰᠠᠶᠢᠲᠤᠷ ᠲᠥᠪᠯᠡᠷᠡᠭᠦᠯᠦᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠡᠨᠡ ᠡᠪᠦᠯ ᠢᠷᠡᠬᠦ | ᠬᠠᠪᠤᠷ ᠨᠢᠭᠡ ᠪᠦᠯᠦᠭ ᠪᠣᠳᠠᠲᠤ ᠢᠨᠵᠧᠨᠧᠷᠢᠩ ᠤᠨ ᠦᠨᠡᠨ ᠪᠣᠳᠠᠲᠠᠢ ᠠᠬᠢᠴᠠ ᠶᠢ ᠣᠯᠵᠤ᠂ ᠰᠡᠳᠬᠢᠯ ᠨᠢᠭᠡᠳᠦᠨ | ᠬᠦᠴᠦᠨ ᠢᠶᠠᠨ ᠬᠠᠮᠲᠤᠳᠬᠠᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | |