2024 ᠣᠨ ᠳᠤ ᠮᠠᠨ ᠤ ᠣᠷᠣᠨ ᠤ ᠭᠠᠳᠠᠭᠠᠳᠤ ᠠᠷᠠᠯᠵᠢᠶᠠᠨ ᠶᠢᠨ ᠬᠠᠷᠠᠯᠲᠠ ᠡᠭᠦᠷᠭᠡ ᠨᠢ 10 ᠳ᠋ᠦᠩᠰᠢᠭᠤᠷ | ᠠᠷᠠᠳ ᠤᠨ ᠵᠣᠭᠤᠰ ᠪᠠᠶᠢᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠪᠡᠷᠲᠡᠭᠡᠨ ᠨᠢᠭᠡᠳᠬᠡᠭᠰᠡᠨ | ᠲᠤᠭ᠎ᠠ ᠪᠠᠷᠢᠮᠲᠠ ᠶᠢ ᠦᠨᠳᠦᠰᠦᠯᠡᠨ᠂ ᠵᠢᠥ ᠶᠤᠸᠠᠨ ᠲᠣᠭᠤᠷᠢᠭ ᠤᠨ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ | 1 - 10 ᠳ᠋ᠤᠭᠠᠷ ᠰᠠᠷ᠎ᠠ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠭᠡᠮᠵᠢᠶ᠎ᠡ 111418.41 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 57% ᠪᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ ᠬᠡᠮᠵᠢᠶ᠎ᠡ ᠨᠢ | 80646.63 ᠲᠦᠮᠡᠨ ᠲᠥᠭᠦᠷᠢᠭ᠂ ᠭᠠᠳᠠᠭᠠᠳᠤ ᠳᠤ ᠭᠠᠷᠭᠠᠭᠰᠠᠨ ᠲᠤᠭ᠎ᠠ ᠬᠡᠮᠵᠢᠶ᠎ᠡ ᠨᠢ 80771.78 ᠲᠦᠮᠡᠨ | ᠲᠥᠭᠦᠷᠢᠭ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠨᠢ 111.42% ᠪᠠᠶᠢᠵᠤ᠂ ᠪᠥᠬᠦ ᠵᠢᠯ ᠤᠨ ᠭᠠᠳᠠᠭᠠᠳᠤ | ᠠᠷᠠᠯᠵᠢᠶᠠᠨ ᠤ ᠬᠠᠷᠠᠯᠲᠠᠲᠤ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃ ᠡᠭᠦᠨ ᠳᠤ ᠱᠧᠨ ᠬᠤᠸᠠ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠭᠠᠳᠠᠭᠠᠳᠤ ᠳᠤ ᠭᠠᠷᠭᠠᠭᠰᠠᠨ ᠲᠤᠭ᠎ᠠ ᠭᠡᠮᠵᠢᠶ᠎ᠡ 5773. | 1286 ᠲᠦᠮᠡᠨ ᠲᠥᠭᠦᠷᠢᠭ ᠢ ᠪᠡᠶᠡᠯᠡᠭᠦᠯᠵᠦ᠂ ᠭᠤᠤᠯᠳᠠᠭᠤ ᠯᠠᠲ᠋ᠢᠨ ᠠᠮᠧᠷᠢᠺᠠ᠂ ᠵᠡᠭᠦᠨ ᠡᠮᠦᠨᠡᠲᠦ ᠠᠽᠢᠶ᠎ᠠ ᠵᠡᠷᠭᠡ | ᠭᠠᠵᠠᠷ ᠣᠷᠣᠨ ᠤ ᠤᠯᠤᠰ ᠤᠨ ᠭᠠᠳᠠᠭᠠᠳᠤ ᠭᠠᠷᠭᠠᠯᠲᠠ ᠶᠢᠨ ᠠᠳᠠᠯᠢ ᠬᠤᠭᠤᠴᠠᠭᠠᠨ ᠤ ᠬᠢ ᠠᠴᠠ 3% ᠪᠠᠷ | ᠨᠡᠮᠡᠭᠳᠡᠪᠡ︔ ᠬᠤᠸᠠ ᠭᠤᠸᠠᠩ ᠲᠡᠮᠦᠷᠯᠢᠭ ᠤᠨ ᠬᠢᠵᠠᠭᠠᠷᠲᠤ ᠺᠣᠮᠫᠠᠨᠢ 1853.69 ᠲᠦᠮᠡᠨ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠨ᠂ ᠭᠤᠤᠯᠳᠠᠭᠤ ᠺᠣᠷᠢᠶᠠ᠂ ᠡᠨᠡᠳᠬᠡᠭ᠂ | ᠰᠯᠤᠸᠧᠨᠢᠶ᠎ᠠ ᠵᠡᠷᠭᠡ ᠭᠠᠵᠠᠷ ᠣᠷᠣᠨ ᠪᠠ ᠤᠯᠤᠰ︔ ᠪᠤᠭᠤᠲᠤ ᠬᠤᠲᠠ ᠶᠢᠨ ᠵᠢᠩ ᠬᠤᠸᠠ ᠲᠡᠮᠦᠷᠯᠢᠭ ᠺᠠᠯᠼ ᠤᠨ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠠᠳᠠᠭᠠᠳᠤ ᠳᠤ ᠭᠠᠷᠭᠠᠭᠰᠠᠨ ᠲᠤᠭ᠎ᠠ ᠭᠡᠮᠵᠢᠶ᠎ᠡ 557.90 | ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 55% ᠪᠠᠷ ᠨᠡᠮᠡᠭᠳᠡᠨ᠂ ᠭᠤᠤᠯᠳᠠᠭᠤ | ᠶᠠᠫᠣᠨ ᠳᠤ ᠭᠠᠷᠭᠠᠵᠤ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠰᠢ | ᠴᠢᠭᠯᠡᠭᠦᠯᠦᠭᠰᠡᠨ ᠠᠵᠤ ᠠᠬᠤᠶ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠬᠥᠲᠥᠯᠦᠨ | ᠵᠢᠯᠣᠭᠤᠳᠴᠤ ᠵᠣᠷᠢᠭᠵᠢᠭᠤᠯᠵᠤ᠂ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠬᠠᠷᠢᠶ᠎ᠠ ᠣᠷᠣᠨ ᠤ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠰᠬᠦᠯᠡᠩ ᠤᠨ ᠲᠠᠪᠴᠠᠩ ᠢ ᠬᠦᠢᠴᠡᠳ ᠠᠰᠢᠭᠯᠠᠵᠤ᠂ | ᠭᠠᠳᠠᠭᠠᠳᠤ ᠠᠷᠠᠯᠵᠢᠶᠠᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢ ᠴᠢᠩᠭᠠᠳᠬᠠᠵᠤ᠂ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ | ᠲᠤᠬᠠᠶᠢᠯᠠᠭᠰᠠᠨ ᠠᠵᠢᠯ ᠢᠶᠠᠨ ᠥᠷᠭᠡᠳᠬᠡᠨ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ᠃ | | | | |