ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠠᠮᠢᠳᠤᠷᠠᠯ ᠳᠤ ᠲᠥᠬᠦᠮ ᠦᠵᠡᠭᠦᠯᠵᠦ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠭᠡᠷ | ᠬᠤᠷᠢᠶᠠᠯᠠᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠤᠩ ᠰᠢᠶᠠᠩ ᠨᠡᠶᠢᠭᠡᠮ | ᠲᠣᠭᠤᠷᠢᠭ ᠪᠠᠶᠠᠨᠰᠢᠯᠢ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ 2 | ᠡᠳᠦᠷ ᠤᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | | | | ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠲᠤᠰᠬᠠᠶ ᠮᠡᠷᠭᠡᠵᠢᠯ ᠤᠨ ᠡᠮᠴᠢ | ᠰᠤᠪᠢᠯᠠᠭᠴᠢ ᠳᠤ ᠡᠷᠡᠭᠦᠯ ᠮᠡᠨᠳᠦ ᠪᠠᠷ ᠲᠠᠩᠰᠠ ᠡᠪᠬᠡᠮᠡᠯ ᠪᠠᠶᠢᠭᠤᠯᠬᠤ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ | ᠰᠢᠬᠢᠷ ᠢ ᠪᠠᠶᠢᠴᠠᠭᠠᠨ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ᠂ ᠪᠤᠳᠤᠭᠲᠤ ᠬᠡᠲᠦ ᠳᠡᠯᠭᠡᠭᠦᠷ᠂ ᠰᠣᠬᠤᠷ | ᠬᠥᠮᠦᠨ ᠤ ᠢᠯᠢᠵᠦ ᠨᠤᠬᠤᠯᠠᠬᠤ ᠵᠡᠷᠭᠡ ᠲᠥᠷᠥᠯ ᠵᠦᠢᠯ ᠢ ᠪᠠᠭᠲᠠᠭᠠᠭᠰᠠᠨ ᠪᠥᠭᠡᠳ ᠡᠪᠡᠳᠴᠢᠲᠡᠨ ᠤ ᠪᠡᠶ᠎ᠡ | ᠮᠠᠬᠠᠪᠣᠳ ᠤᠨ ᠪᠠᠶᠢᠳᠠᠯ ᠲᠠᠢ ᠤᠶᠠᠯᠳᠤᠭᠤᠯᠤᠨ ᠡᠷᠡᠭᠦᠯᠵᠢᠯ ᠵᠢᠴᠢ ᠡᠮ ᠬᠡᠷᠡᠭᠯᠡᠬᠦ ᠰᠠᠨᠠᠭᠤᠯᠤᠮᠵᠢ ᠥᠭᠴᠦ᠂ | ᠰᠠᠭᠤᠭᠠᠯᠢ ᠠᠷᠠᠳ ᠤᠨ ᠳᠤᠷᠠᠳᠤᠭᠰᠠᠨ ᠡᠯ᠎ᠡ ᠲᠥᠷᠥᠯ ᠤᠨ ᠡᠪᠡᠳᠴᠢᠨ ᠡᠮᠭᠡᠭ ᠤᠨ ᠠᠰᠠᠭᠤᠳᠠᠯ ᠳᠤ ᠴᠢᠭᠯᠡᠭᠦᠯᠦᠨ | ᠴᠥᠮ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠪᠡ᠃ ᠡᠭᠦᠨ ᠤ ᠬᠠᠮᠲᠤ ᠭᠡᠷ ᠬᠤᠷᠢᠶᠠᠯᠠᠯ ᠤᠨ | ᠠᠵᠢᠯᠲᠠᠳ ᠬᠥᠲᠥᠯᠥᠨ ᠵᠢᠯᠣᠭᠤᠳᠬᠤ ᠪᠠ ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠮᠵᠢᠯᠴᠠᠨ ᠰᠠᠶᠢᠲᠤᠷ | ᠬᠢᠬᠦ ᠶᠢᠨ ᠬᠠᠮᠲᠤ᠂ ᠰᠠᠭᠤᠭᠠᠯᠢ ᠠᠷᠠᠳ ᠲᠤ ᠡᠯ᠎ᠡ ᠲᠥᠷᠥᠯ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ | ᠮᠠᠲ᠋ᠧᠷᠢᠶᠠᠯ ᠢ ᠢᠳᠡᠪᠬᠢᠲᠡᠶ ᠪᠠᠷ ᠲᠠᠷᠬᠠᠭᠠᠵᠤ᠂ ᠰᠠᠭᠤᠭᠠᠯᠢ ᠠᠷᠠᠳ ᠢ ᠬᠠᠪᠰᠤᠷᠤᠨ ᠡᠷᠡᠭᠦᠯ ᠮᠡᠨᠳᠦ ᠶᠢᠨ ᠮᠡᠳᠡᠯᠭᠡ ᠶᠢ | ᠤᠯᠠᠮ ᠨᠢᠭᠡ ᠠᠯᠬᠤᠮ ᠣᠶᠢᠯᠠᠭᠠᠭᠤᠯᠵᠤ᠂ ᠰᠠᠭᠤᠭᠠᠯᠢ ᠠᠷᠠᠳ ᠤᠨ ᠡᠷᠡᠭᠦᠯᠵᠢᠯ ᠤᠨ ᠦᠵᠡᠯ ᠤᠬᠠᠮᠰᠠᠷ ᠢ | ᠳᠡᠭᠡᠭᠰᠢᠯᠡᠭᠦᠯᠪᠡ᠃ | | | | ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠡᠪᠡᠳᠴᠢᠨ ᠦᠵᠡᠭᠦᠯᠵᠦ | ᠡᠮᠨᠡᠭᠦᠯᠬᠦ ᠳᠤ ᠲᠥᠬᠦᠮ ᠨᠥᠬᠦᠴᠡᠯ ᠪᠦᠷᠢᠯᠳᠦᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ | ᠨᠡᠮᠡᠭᠳᠡᠭᠦᠯᠪᠡ᠃ ᠳᠠᠷᠠᠭᠠᠴᠢ ᠶᠢᠨ ᠠᠯᠬᠤᠮ ᠳᠤ᠂ ᠬᠤᠩ ᠰᠢᠶᠠᠩ ᠭᠡᠷ ᠬᠤᠷᠢᠶᠠᠯᠠᠯ ᠤᠨ ᠦᠢᠯᠡᠴᠢᠯᠡᠭᠡᠨ ᠤ | ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠠᠭᠤᠭᠠᠯᠢ ᠠᠷᠠᠳ ᠤᠨ ᠤᠯᠠᠨ ᠲᠡᠰ | ᠳᠠᠪᠬᠤᠷᠭ᠎ᠠ᠂ ᠤᠯᠠᠨ ᠶᠠᠩᠵᠤᠴᠢᠯᠠᠭᠰᠠᠨ᠂ ᠴᠢᠨᠠᠷᠵᠢᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ | ᠬᠠᠩᠭᠠᠵᠤ᠂ ᠭᠡᠷ ᠬᠤᠷᠢᠶᠠᠯᠠᠯ ᠤᠨ ᠪᠣᠯᠪᠠᠰᠤᠨ ᠡᠷᠡᠭᠦᠯ ᠮᠡᠨᠳᠦ ᠶᠢᠨ ᠰᠢᠨ᠎ᠡ ᠬᠡᠪ ᠰᠤᠷᠲᠠᠯ ᠢ ᠪᠠᠶᠢᠭᠤᠯᠵᠤ᠂ ᠡᠷᠡᠭᠦᠯ | ᠮᠡᠨᠳᠦ ᠶᠢᠨ ᠦᠢᠯᠡᠴᠢᠯᠡᠭᠡ ᠶᠢ ᠤᠯᠠᠨ ᠲᠦᠮᠡᠨ ᠤ ᠳᠤᠮᠳᠠ ᠦᠨᠡᠨᠬᠦ ᠬᠦᠷᠭᠡᠨ᠎ᠡ᠃ | | | | |