ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠪᠠᠲᠤ ᠴᠡᠭᠡᠵᠢᠯᠡᠬᠦ᠂ ︽ᠨᠣᠴᠣᠬᠤ︾ ᠠᠴᠠ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2024/11/15
    ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠩ ᠶᠤᠸᠠᠨ ᠨᠡᠶᠢᠭᠡᠮ ᠲᠣᠭᠤᠷᠢᠭ ᠪᠣᠯᠤᠨ ᠰᠢᠩ ᠶᠤᠸᠠᠨ ᠬᠤᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠯᠦ ᠶᠤᠸᠠᠨ ᠺᠠᠩ ᠴᠧᠩ ᠰᠠᠭᠤᠭᠠᠯᠢ ᠲᠣᠭᠤᠷᠢᠭ ᠲᠤ ︽ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠪᠠᠲᠤ ᠴᠡᠭᠡᠵᠢᠯᠡᠵᠦ ︿ᠨᠣᠴᠣᠬᠤ﹀ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1111.jpg
       ᠰᠠᠶᠢᠨ ᠳᠤᠷ᠎ᠠ ᠶᠢᠨ ᠦᠢᠯᠡᠴᠢᠯᠡᠭᠴᠢᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠠᠮᠤᠷ ᠲᠦᠪᠰᠢᠨ᠂ ᠬᠡᠷ ᠤᠨ ᠴᠠᠬᠢᠯᠭᠠᠨ ᠬᠡᠷᠡᠭᠰᠡᠯ ᠤᠭᠯᠠᠭᠤᠷᠭ᠎ᠠ ᠬᠡᠷᠡᠭᠯᠡᠵᠦ ᠠᠮᠤᠷ ᠲᠦᠪᠰᠢᠨ ᠬᠡᠷᠡᠭᠯᠡᠬᠦ ᠵᠡᠷᠭᠡ ᠲᠠᠯ᠎ᠠ ᠪᠠᠷ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠡᠷᠡᠭᠯᠡᠯᠲᠡ ᠶᠢᠨ ᠵᠢᠷᠤᠮᠵᠢᠯ ᠵᠢᠴᠢ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠶᠢᠨ ᠬᠤᠤᠷ ᠬᠥᠨᠥᠭᠡᠯ ᠪᠠ ᠭᠠᠯ ᠤᠨ ᠠᠶᠤᠯ ᠢ ᠰᠡᠷᠭᠡᠶᠢᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠬᠠᠷᠢᠶᠠᠲᠤ ᠣᠷᠣᠨ ᠤ ᠳᠣᠲᠣᠷᠠᠬᠢ ᠨᠠᠰᠤᠲᠠᠶᠢᠴᠤᠳ ᠲᠤ ᠬᠡᠷ ᠲᠤᠨᠢ ᠬᠠᠭᠤᠴᠢᠨ ᠤᠭᠯᠠᠭᠤᠷ ᠢ ᠪᠠᠶᠢᠴᠠᠭᠠᠵᠤ᠂ ᠬᠥᠭᠰᠢᠷᠡᠭᠰᠡᠨ᠂ ᠡᠪᠳᠡᠷᠡᠭᠰᠡᠨ ᠴᠠᠬᠢᠯᠭᠠᠨ ᠤᠲᠠᠰᠤ ᠵᠡᠷᠭᠡ ᠣᠮᠲᠣᠭᠠᠶᠢᠯᠠᠵᠤ ᠪᠣᠯᠤᠰᠢ ᠥᠬᠡᠶ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠰᠣᠯᠢᠬᠤ ᠶᠢ ᠰᠠᠨᠠᠭᠤᠯᠪᠠ᠃ 
2222.jpg
    ᠭᠠᠯ ᠤᠨᠲᠠᠷᠠᠭᠠᠬᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠴᠠᠭ ᠢᠮᠠᠭᠲᠠ ᠭᠠᠵᠠᠷ ᠪᠣᠯᠭᠠᠨ ᠳᠤ ᠠᠩᠬᠠᠷᠤᠯ ᠲᠠᠯᠪᠢᠬᠤ ᠬᠡᠷᠡᠭᠲᠡᠶ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠡᠶ᠎ᠡ ᠵᠣᠬᠢᠴᠠᠯ ᠲᠠᠢ ᠣᠷᠣᠨ ᠰᠠᠭᠤᠴᠠ ᠶᠢᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号