︽ᠰᠣᠭᠲᠣᠭᠤᠷᠠᠵᠤ︾ ᠪᠤᠴᠠᠵᠤ  ᠶᠠᠪᠣᠬᠤ ᠵᠠᠮ ᠢᠶᠠᠨ ᠮᠡᠳᠡᠬᠦ ᠦᠭᠡᠢ ᠪᠣᠯᠵᠤ ᠂ ᠠᠷᠠᠳ ᠤᠨ ᠴᠠᠭᠳᠠᠭ᠎ᠠ ᠰᠡᠳᠬᠢᠯ ᠳᠤᠯᠠᠭᠠᠴᠠᠭᠤᠯᠤᠨ ᠠᠪᠤᠷᠠᠨ ᠲᠣᠰᠠᠯᠠᠪᠠ
ᠨᠡᠶᠢᠲᠡᠯᠡᠭᠰᠡᠨ ᠴᠠᠭ᠄
2024/11/15
   
11111.jpg
    2024 ᠣᠨ ᠤ 11 ᠰᠠᠷ᠎ᠠ ᠶᠢᠨ 8 ᠤ ᠡᠳᠦᠷ ᠤᠨ 21 ᠴᠠᠭ ᠲᠤ᠂ ᠵᠢᠥ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠ ᠶᠧ ᠭᠤᠳᠤᠮᠵᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠴᠠᠭᠳᠠᠭ᠎ᠠ ᠳᠤ ᠮᠡᠳᠡᠭᠦᠯᠦᠭᠰᠡᠨ ᠢ ᠰᠣᠨᠣᠰᠬᠤᠯᠠᠷ᠄   ︽ᠥᠪᠡᠷ ᠢᠶᠠᠨ ᠲᠥᠭᠡᠷᠢᠪᠡ ︾ ᠭᠡᠵᠦ ᠬᠡᠯᠡᠪᠡ᠃ ᠰᠥᠨᠢ ᠣᠨᠴᠠ ᠬᠠᠬᠢᠷ ᠬᠦᠢᠲᠡᠨ᠂ ᠠᠷᠠᠳ ᠤᠨ ᠴᠠᠭᠳᠠᠭ᠎ᠠ ᠲᠦᠭᠰᠢᠭᠦᠷᠢ ᠮᠡᠳᠡᠭᠦᠯᠦᠭᠴᠢ ᠠᠮᠤᠷ ᠲᠦᠪᠰᠢᠨ ᠤ ᠠᠶᠣᠯ ᠠᠴᠠ ᠠᠶᠤᠵᠤ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠠᠢ᠃ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠮᠡᠳᠡᠭᠦᠯᠦᠭᠴᠢ ᠶᠢᠨ ᠪᠥᠬᠦ ᠪᠡᠶ᠎ᠡ ᠳᠤ ᠥᠳᠬᠡᠨ ᠠᠷᠢᠬᠢᠨ ᠦᠨᠦᠷ ᠭᠠᠷᠴᠤ᠂ ᠤᠬᠠᠮᠰᠠᠷ ᠰᠡᠷᠭᠡᠭ᠂ ᠪᠡᠶ᠎ᠡ ᠮᠠᠬᠠᠪᠣᠳ ᠰᠠᠭᠠᠳ ᠥᠬᠡᠶ ᠪᠠᠶᠢᠵᠤ᠂ ᠠᠷᠠᠳ ᠤᠨ ᠴᠠᠭᠳᠠᠭ᠎ᠠ ᠮᠡᠳᠡᠭᠦᠯᠦᠭᠴᠢ ᠶᠢᠨ ᠪᠡᠶ᠎ᠡ ᠳᠡᠭᠡᠨ ᠠᠪᠴᠤ ᠶᠠᠪᠤᠭ᠎ᠠ ᠭᠠᠷ ᠤᠲᠠᠰᠤ ᠲᠡᠭᠦᠨ ᠤ ᠬᠡᠷ ᠪᠦᠯᠢ ᠶᠢᠨ ᠬᠢᠨ ᠲᠠᠢ ᠬᠠᠷᠢᠯᠴᠠᠵᠤ᠂ ᠲᠡᠭᠦᠨ ᠢ ᠠᠮᠤᠷ ᠲᠦᠪᠰᠢᠨ ᠢᠶᠠᠷ ᠬᠡᠷ ᠲᠤᠨᠢ ᠬᠦᠷᠭᠡᠵᠦ᠂ ᠬᠡᠷ ᠪᠦᠯᠢ ᠶᠢᠨ ᠬᠢᠨ ᠠᠷᠠᠳ ᠤᠨ ᠴᠠᠭᠳᠠᠭ᠎ᠠ ᠳᠤ ᠮᠠᠰᠢ ᠲᠠᠯᠠᠷᠬᠠᠵᠤ ᠪᠠᠶᠢᠬᠤ ᠪᠠᠨ ᠢᠯᠡᠳᠬᠡᠪᠡ᠃ ᠠᠷᠠᠳ ᠤᠨ ᠴᠠᠭᠳᠠᠭ᠎ᠠ ᠭᠡᠷ ᠪᠦᠯᠢ ᠶᠢᠨ ᠬᠢᠨ ᠳᠤ ᠰᠠᠨᠠᠭᠤᠯᠬᠤ ᠨᠢ᠄ ᠠᠭᠤᠷ ᠠᠮᠢᠰᠬᠤᠯ ᠬᠦᠢᠲᠡᠷᠡᠵᠦ᠂ ᠰᠥᠨᠢ ᠶᠢᠨ ᠳᠤᠯᠠᠭᠠᠨ ᠤ ᠬᠡᠮᠵᠢᠶ᠎ᠡ ᠨᠡᠯᠢᠶᠡᠳ ᠳᠣᠤᠷ᠎ᠠ ᠪᠠᠶᠢᠵᠤ᠂ ᠭᠠᠳᠠᠭᠰᠢ ᠭᠠᠷᠴᠤ ᠠᠷᠢᠬᠢ ᠤᠤᠭᠤᠬᠤ ᠳᠤ ᠪᠢᠲᠡᠭᠡᠢ  ᠠᠷᠢᠬᠢ ᠳᠤ ᠰᠢᠨᠤᠭᠠᠳ ᠥᠪᠡᠷ ᠤᠨ ᠠᠮᠤᠷ ᠲᠦᠪᠰᠢᠨ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号