ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠵᠣᠪᠠᠨᠢᠯ ᠢ ᠰᠢᠢᠳᠪᠣᠷᠢᠯᠠᠨ᠎ᠠ - ᠵᠢᠥ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽12345︾ ᠬᠠᠯᠠᠮᠰᠢᠯ ᠤᠲᠠᠰᠤᠨ ᠤ ᠠᠵᠢᠯ ᠢ ᠴᠢᠩᠭᠠᠳᠬᠠᠵᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/11/18
    12345 ᠬᠠᠯᠠᠭᠤᠨ ᠤᠲᠠᠰᠤ ᠪᠣᠯ ᠵᠠᠰᠠᠭ ᠤᠨ ᠣᠷᠳᠣᠨ ᠪᠠ ᠬᠤᠲᠠ ᠶᠢᠨ ᠠᠷᠠᠳ ᠤᠨ ᠨᠢᠭᠲᠠ ᠬᠠᠷᠢᠯᠴᠠᠬᠤ ᠴᠢᠬᠤᠯᠠ ᠠᠷᠭ᠎ᠠ ᠵᠠᠮ ᠮᠥᠨ᠂ ᠵᠠᠰᠠᠭ ᠤᠨ ᠣᠷᠳᠣᠨ ᠤ ᠰᠤᠷᠲᠠᠯ ᠢ ᠰᠢᠯᠭᠠᠨ ᠪᠠᠶᠢᠴᠠᠭᠠᠬᠤ ᠴᠢᠬᠤᠯᠠ ᠴᠣᠩᠬᠤ ᠮᠥᠨ᠂ ᠪᠠᠰᠠ ᠴᠤ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠲᠠᠪᠴᠠᠩ ᠮᠥᠨ᠃ ᠵᠢᠥ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠢᠮᠠᠭᠲᠠ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠵᠣᠷᠢᠯᠲᠠ ᠪᠣᠯᠭᠠᠵᠤ᠂ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠭᠠᠯᠳᠤᠯᠭ᠎ᠠ ᠶᠢᠨ ᠠᠰᠠᠭᠤᠳᠠᠯ ᠢ ᠬᠦᠯᠢᠶᠡᠨ ᠠᠪᠴᠤ ᠳᠠᠷᠦ᠋ᠢᠬᠠᠨ ᠰᠢᠢᠳᠪᠦᠷᠢᠯᠡᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠪᠠ᠃ ᠡᠨᠡ ᠵᠢᠯ ᠠᠴᠠ ᠨᠠᠰᠢ ᠪᠥᠬᠦ ᠲᠠᠯ᠎ᠠ ᠪᠠᠷ ᠨᠡᠶᠢᠲᠡ 166 ᠬᠤᠪᠢ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠪᠠ᠂ ᠡᠭᠦᠨ ᠳᠤ ᠬᠦᠴᠢᠷ ᠲᠦᠪᠡᠭᠲᠡᠶ ᠠᠵᠢᠯ ᠤᠨ ᠬᠠᠭᠤᠳᠠᠰᠤ 50 ᠭᠠᠷᠤᠶ ᠬᠤᠪᠢ ᠪᠠᠶᠢᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠲᠤᠰᠬᠠᠭᠰᠠᠨ ᠨᠣᠷᠮ᠎ᠠ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠶ ᠨᠣᠷᠮ᠎ᠠ ᠴᠥᠮ 100% ᠳᠤ ᠬᠦᠷᠴᠡᠶ᠃    ᠴᠧᠨ ᠣᠪᠣᠭᠲᠤ ᠶᠢᠨ ᠬᠢᠭᠰᠡᠨ ᠵᠢᠥ ᠶᠤᠸᠠᠨ ᠸᠠᠨ ᠳ᠋ᠠ ᠠᠭᠤᠳᠠᠮ ᠲᠠᠯᠠᠪᠠᠢ ᠶᠢᠨ ᠪᠠᠷᠠᠭᠤᠨ ᠡᠮᠦᠨ᠎ᠡ ᠥᠨᠴᠥᠭ ᠤᠨ ᠭᠠᠵᠠᠷ ᠤᠨ ᠨᠢᠭᠡᠳᠦᠭᠡᠷ ᠬᠤᠳᠳᠤᠭ ᠤᠨ ᠠᠮᠠᠰᠠᠷ ᠴᠦᠮᠦᠷᠡᠵᠦ ᠨᠤᠷᠠᠭᠰᠠᠨ ᠢ ᠲᠤᠰᠬᠠᠵᠤ᠂ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠨ᠎ᠠ᠂ ᠳᠠᠷᠤᠢ ᠲᠦᠷᠭᠡᠨ ᠰᠡᠯᠪᠢᠨ ᠵᠠᠰᠠᠬᠤ ᠬᠡᠷᠡᠭ ᠭᠠᠷᠬᠤ ᠦᠶ᠎ᠡ ᠳᠤ᠂ ᠮᠠᠨ ᠤ ᠲᠣᠪᠴᠢᠶ᠎ᠠ ᠶᠢᠨ ᠠᠵᠢᠯᠲᠠᠳ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠵᠦ᠂ ᠬᠡᠷᠡᠭ ᠤᠨ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠲᠡᠷᠡ ᠳᠠᠷᠤᠢ ᠳᠤᠨᠢ ᠬᠤᠳᠠᠯᠳᠤᠭᠠᠨ ᠤ ᠲᠠᠯᠠᠪᠤᠷ ᠤᠨ ᠬᠠᠷᠢᠭᠤᠴᠠᠯᠭᠠᠲᠠᠨ ᠲᠠᠢ ᠬᠠᠷᠢᠯᠴᠠᠵᠤ ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠤᠯᠲᠠ ᠬᠢᠬᠦ ᠶᠢ ᠬᠦᠰᠡᠵᠦ ᠪᠠᠶᠢᠨ᠎ᠠ᠃ ᠸᠠᠨ ᠳ᠋ᠠ ᠠᠳᠠᠯ ᠠᠬᠤᠢ ᠨᠤᠷᠠᠭᠰᠠᠨ ᠬᠤᠳᠳᠤᠭ ᠤᠨ ᠡᠷᠬᠢᠨ ᠲᠣᠭᠤᠷᠢᠨ ᠳᠤ ᠬᠦᠷᠢᠶᠡᠯᠡᠨ ᠬᠠᠮᠠᠭᠠᠯᠠᠵᠤ᠂ ᠵᠠᠮ ᠥᠩᠭᠡᠷᠡᠬᠦ ᠬᠥᠮᠦᠰ ᠣᠶᠢᠴᠢᠬᠤ ᠵᠡᠷᠭᠡ ᠠᠮᠤᠷ ᠲᠦᠪᠰᠢᠨ ᠤ ᠭᠡᠮ ᠰᠣᠭᠤᠭ ᠢ ᠰᠡᠷᠭᠡᠶᠢᠯᠡᠬᠦ ᠶᠢᠨ ᠬᠠᠮᠲᠤ ᠪᠠᠷᠢᠯᠭ᠎ᠠ ᠶᠢᠨ ᠠᠵᠢᠯ ᠢ ᠲᠤᠬᠢᠷᠠᠭᠤᠯᠤᠨ ᠵᠠᠰᠠᠪᠠ᠃ ᠡᠴᠦᠰ ᠲᠤ᠂ ᠴᠥᠮᠥᠷᠡᠭᠰᠡᠨ ᠬᠤᠳᠳᠤᠭ ᠤᠨ ᠤᠷᠴᠢᠮ ᠤᠨ ᠡᠷᠭᠢᠨ ᠲᠣᠭᠤᠷᠢᠨ ᠢ ᠳᠠᠬᠢᠨ ᠪᠠᠬᠢᠵᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠪᠠ᠃ ᠴᠧᠨ ᠣᠪᠣᠭᠲᠤ ᠰᠢᠢᠳᠪᠦᠷᠢᠯᠡᠬᠦ ᠦᠷ᠎ᠡ ᠪᠦᠲᠦᠮᠵᠢ ᠪᠠ ᠦᠷ᠎ᠡ ᠳ᠋ᠦᠩ ᠳᠤ ᠴᠥᠮ ᠰᠡᠳᠬᠢᠯ ᠬᠠᠨᠤᠮᠵᠢᠲᠠᠶ ᠪᠠᠶᠢᠬᠤ ᠪᠠᠨ ᠢᠯᠡᠳᠬᠡᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ︽ᠲᠤᠰᠴᠤ ᠳᠡᠶᠢᠯᠬᠦ᠂ ᠲᠤᠰᠢᠶᠠᠵᠤ ᠳᠡᠶᠢᠯᠬᠦ᠂ ᠪᠣᠳᠠᠲᠠᠶ ᠬᠢᠨᠠᠬᠤ᠂ ᠦᠨᠡᠨ ᠪᠣᠳᠠᠲᠠᠶ ᠦᠨᠡᠯᠡᠬᠦ᠂ ᠴᠢᠩᠭ᠎ᠠ ᠠᠰᠠᠭᠤᠬᠤ᠂ ᠰᠠᠶᠢᠲᠤᠷ ᠰᠢᠢᠳᠪᠦᠷᠢᠯᠡᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠶᠠᠪᠤᠳᠠᠯ ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠪᠠᠴᠢᠮᠳᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠦᠨᠡᠨ ᠬᠦ  ᠰᠢᠢᠳᠪᠦᠷᠢᠯᠡᠵᠦ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号