11 ᠰᠠᠷ᠎ᠠ ᠶᠢᠨ 17 ᠤ ᠡᠳᠦᠷ ᠯᠦ ᠶᠤᠸᠠᠨ ᠵᠢᠶᠠ ᠶᠤᠸᠠᠨ B ᠲᠣᠭᠤᠷᠢᠭ ᠤᠨ 8 ᠳ᠋ᠤᠭᠠᠷ ᠠᠰᠠᠷ ᠤᠨ | ᠭᠡᠨᠡᠳᠲᠡ ᠢᠷᠡᠭᠰᠡᠨ ᠤᠰᠤᠨ ᠤ ᠬᠤᠭᠤᠯᠠᠢ ᠳᠡᠯᠪᠡᠷᠡᠪᠡ᠃ ᠣᠰᠦ ᠮᠣᠷᠢ ᠰᠢᠭ ᠭᠠᠷᠴᠣ᠂ ᠳᠤᠷ᠎ᠠ | ᠲᠠᠪᠠ ᠪᠠᠷ ᠢᠶᠠᠨ ᠤᠷᠤᠰᠴᠤ᠂ ᠰᠠᠭᠤᠭᠠᠯᠢ ᠠᠷᠠᠳ ᠤᠨ ᠠᠮᠢᠳᠤᠷᠠᠯ ᠳᠤ ᠲᠦᠢᠯ ᠤᠨ ᠶᠡᠭᠡ ᠬᠦᠴᠢᠷᠳᠡᠯ | ᠠᠪᠴᠢᠷᠠᠭᠰᠠᠨ ᠪᠠᠶᠢᠨ᠎ᠠ᠃ | | | | ᠯᠦ ᠶᠤᠸᠠᠨ ᠭᠡᠷ ᠬᠤᠷᠢᠶᠠᠯᠠᠯ ᠤᠨ ᠳᠣᠯᠣᠳᠤᠭᠠᠷ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠤᠨ ᠬᠠᠷᠢᠭᠤ | ᠲᠤᠰᠬᠠᠯ ᠢ ᠣᠯᠤᠭᠰᠠᠨ ᠤ ᠳᠠᠷᠠᠭ᠎ᠠ᠂ ᠡᠩ ᠲᠡᠷᠢᠭᠦᠨ ᠳᠤ ᠠᠳᠠᠯ ᠠᠬᠤᠶ ᠳᠤ ᠮᠡᠳᠡᠭᠳᠡᠵᠦ ᠪᠣᠳᠠᠲᠠᠶ ᠪᠠᠶᠢᠳᠠᠯ ᠢ | ᠬᠠᠶᠢᠨ ᠪᠠᠶᠢᠴᠠᠭᠠᠬᠤ ᠶᠢᠨ ᠬᠠᠮᠲᠤ ᠡᠯ᠎ᠡ ᠰᠦᠯᠵᠢᠶᠡᠨ ᠤ ᠰᠦᠷᠦᠭᠵᠢᠯ ᠳᠤ ᠰᠠᠭᠤᠭᠠᠯᠢ ᠠᠷᠠᠳ ᠤᠨ ᠬᠡᠷ ᠲᠤ | ᠮᠡᠳᠡᠭᠳᠡᠵᠦ ᠤᠰᠤ ᠵᠠᠯᠭᠠᠵᠤ᠂ ᠬᠡᠪ ᠤᠨ ᠤᠰᠤ ᠬᠡᠷᠡᠭᠯᠡᠬᠦ ᠶᠢ ᠨᠥᠯᠥᠭᠡᠯᠡᠬᠦ ᠠᠴᠠ ᠰᠡᠷᠭᠡᠶᠢᠯᠡᠪᠡ᠃ ᠠᠳᠠᠯ ᠠᠬᠤᠢ | ᠡᠨᠡᠬᠦ ᠪᠠᠴᠢᠮ ᠪᠠᠶᠢᠳᠠᠯ ᠢ ᠮᠡᠳᠡᠭᠰᠡᠨ ᠤ ᠲᠠᠷᠠᠭ᠎ᠠ᠂ ᠳᠠᠷᠤᠢ ᠲᠦᠷᠭᠡᠨ ᠬᠥᠮᠦᠰ ᠢ ᠵᠣᠬᠢᠶᠠᠨ ᠪᠠᠶᠢᠭᠤᠯᠵᠤ ᠱᠠᠯᠠᠪᠳᠠᠨ | ᠵᠠᠰᠠᠬᠤ ᠠᠵᠢᠯ ᠢ ᠥᠷᠨᠢᠭᠦᠯᠪᠡ᠃ ᠲᠡᠭᠡᠬᠦ ᠮᠥᠷᠲᠡᠭᠡᠨ ᠲᠦ᠋ᠭᠡᠭᠡᠯ ᠤᠰᠤᠨ ᠤ ᠺᠤᠮᠫᠠᠨᠢ ᠳᠤ ᠮᠡᠳᠡᠭᠦᠯᠵᠦ ᠪᠠᠴᠢᠮ | ᠶᠠᠭᠠᠷᠠᠯᠲᠠᠶ ᠪᠥᠭᠡᠳ ᠡᠮᠬᠢ ᠵᠢᠷᠤᠮ ᠲᠠᠢ ᠠᠵᠢᠯᠯᠠᠬᠤ ᠪᠠᠷ ᠳᠡᠮᠵᠢᠨ᠂ ᠲᠦᠭᠡᠭᠡᠯ ᠤᠰᠤᠨ ᠤ ᠠᠵᠢᠯᠲᠠᠨ ᠲᠡᠷᠡ | ᠳᠠᠷᠤᠶ ᠳᠤᠨᠢ ᠠᠷᠭ᠎ᠠ ᠬᠡᠮᠵᠢᠶ᠎ᠡ ᠠᠪᠴᠤ᠂ ᠡᠪᠳᠡᠷᠡᠵᠦ ᠰᠦᠢᠳᠦᠭᠰᠡᠨ ᠬᠤᠭᠤᠯᠠᠶ ᠶᠢ ᠰᠣᠯᠢᠭᠰᠠᠨ ᠪᠥᠭᠡᠳ ᠮᠠᠯᠲᠠᠭᠰᠠᠨ | ᠣᠷᠣᠨ ᠢ ᠰᠡᠷᠭᠦᠭᠡᠵᠦ᠂ 18 ᠤ ᠡᠳᠦᠷ ᠪᠠᠷᠢᠯᠭ᠎ᠠ ᠳᠠᠭᠤᠰᠴᠤ᠂ ᠤᠰᠤ ᠭᠤᠭᠤᠵᠢᠬᠤ ᠠᠰᠠᠭᠤᠳᠠᠯ ᠢ ᠲᠡᠭᠦᠰ | ᠠᠮᠵᠢᠯᠲᠠ ᠲᠠᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠤᠰᠤ ᠬᠡᠷᠡᠭᠯᠡᠬᠦ ᠶᠢ ᠪᠠᠲᠤᠯᠠᠪᠠ᠃ | | | | ᠯᠦ ᠶᠤᠸᠠᠨ ᠭᠡᠷ ᠬᠤᠷᠢᠶᠠᠯᠠᠯ ᠢᠮᠠᠭᠲᠠ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠢᠶᠠᠨ ᠡᠭᠦᠰᠭᠡᠯ ᠪᠣᠯᠭᠠᠵᠤ᠂ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠬᠡᠷᠡᠭᠴᠡᠭᠡ ᠶᠢ ᠠᠰᠠᠭᠤᠵᠤ᠂ | ᠠᠷᠠᠳ ᠤᠨ ᠵᠣᠪᠠᠨᠢᠯ ᠢ ᠠᠷᠢᠯᠭᠠᠪᠠ᠃ ᠬᠤᠶᠢᠰᠢᠳᠠ᠂ ᠯᠦ ᠶᠤᠸᠠᠨ ᠭᠡᠷ ᠬᠤᠷᠢᠶᠠᠯᠠᠯ ᠤᠨ ᠬᠢᠨ ᠠᠷᠠᠳ ᠤᠨ | ᠠᠮᠢᠳᠤᠷᠠᠯ ᠤᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠦᠷᠭᠦᠯᠵᠢᠯᠡᠨ ᠰᠠᠶᠢᠲᠤᠷ ᠬᠠᠷᠢᠭᠤᠯᠵᠤ᠂ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠤᠯᠠᠨ ᠲᠡᠰ ᠳᠠᠪᠬᠤᠷᠭ᠎ᠠ᠂ ᠪᠦᠬᠦ ᠲᠠᠯ᠎ᠠ ᠪᠠᠷ ᠠᠩᠬᠠᠷᠴᠤ᠂ | ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠭᠡᠷ ᠬᠤᠷᠢᠶᠠᠯᠠᠯ ᠤᠨ ᠦᠢᠯᠡᠴᠢᠯᠡᠭᠡᠨ ᠤ ᠰᠠᠨᠠᠭᠠᠴᠢᠯᠠᠭᠠᠲᠤ ᠴᠢᠨᠠᠷ ᠢ ᠭᠦᠢᠴᠡᠳ ᠪᠠᠳᠠᠷᠠᠭᠤᠯᠵᠤ᠂ | ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃ | | | |