ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠪᠣᠯ ᠬᠠᠶᠠᠭᠳᠠᠮᠠᠯ ᠪᠣᠳᠠᠰ ᠢ ᠡᠷᠳᠡᠨᠢ | ᠪᠣᠯᠭᠠᠬᠤ᠂ ᠤᠯᠤᠰ ᠲᠤ ᠠᠰᠢᠭᠲᠠᠢ ᠠᠷᠠᠳ ᠲᠤ ᠠᠰᠢᠭᠲᠠᠢ᠂ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ | ᠤᠬᠠᠭᠠᠨᠴᠢ ᠠᠷᠭ᠎ᠠ ᠬᠡᠮᠵᠢᠶ᠎ᠡ ᠪᠣᠯᠤᠨ᠎ᠠ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠴᠠᠬᠢᠯᠭᠠᠨ ᠭᠠᠷᠭᠠᠬᠤ | ᠦᠢᠯᠡᠳᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠭᠤᠤᠯᠳᠠᠯᠭ᠎ᠠ ᠪᠣᠯ ᠠᠮᠤᠷ ᠲᠦᠪᠰᠢᠨ᠂ ᠣᠷᠴᠢᠨ ᠠᠬᠤᠶ ᠶᠢᠨ | ᠬᠠᠮᠠᠭᠠᠯᠠᠯᠲᠠ᠂ ᠠᠵᠤ ᠠᠬᠤᠶ ᠪᠣᠯᠤᠨ᠎ᠠ᠂ ᠣᠷᠴᠢᠨ ᠠᠬᠤᠶ ᠶᠢᠨ ᠬᠠᠮᠠᠭᠠᠯᠠᠯᠲᠠ ᠪᠣᠯ ᠠᠮᠢᠳᠤᠷᠠᠯ ᠤᠨ ᠬᠤᠭ | ᠨᠣᠪᠰᠢ ᠶᠢ ᠰᠢᠲᠠᠭᠠᠬᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠠᠮᠢᠨ ᠰᠤᠳᠠᠰᠤ ᠮᠥᠨ᠂ ᠣᠷᠴᠢᠨ ᠠᠬᠤᠶ ᠶᠢᠨ | ᠬᠠᠮᠠᠭᠠᠯᠠᠯᠲᠠ ᠶᠢᠨ ᠡᠵᠡᠩᠨᠡᠯᠲᠡ ᠨᠢ ᠬᠤᠭ ᠨᠣᠪᠰᠢ ᠶᠢ ᠰᠢᠲᠠᠭᠠᠬᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ | ᠣᠷᠣᠰᠢᠨ ᠲᠣᠭᠲᠠᠨᠢᠬᠤ ᠪᠠ ᠬᠥᠭᠵᠢᠬᠦ ᠶᠢ ᠲᠣᠭᠲᠠᠭᠠᠪᠠ᠃ ᠬᠤᠭ ᠨᠣᠪᠰᠢ ᠶᠢ ᠰᠢᠲᠠᠭᠠᠬᠤ ᠪᠣᠯ ᠥᠨᠳᠥᠷ | ᠳᠤᠯᠠᠭᠠᠨ ᠳᠤ ᠬᠤᠭ ᠨᠣᠪᠰᠢ ᠶᠢᠨ ᠣᠷᠭᠠᠨᠢᠭ ᠪᠣᠳᠠᠰ ᠢ ᠲᠦᠢᠯᠪᠤᠷᠢᠲᠠᠢ ᠢᠰᠦᠯᠳᠦᠭᠦᠯᠦᠨ ᠵᠠᠳᠠᠯᠵᠤ᠂ ᠡᠭᠦᠨ ᠤ | ᠤᠯᠠᠮ ᠠᠴᠠ ᠬᠤᠭ ᠨᠣᠪᠰᠢ ᠶᠢᠨ ᠡᠴᠦᠰ ᠤᠨ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠶᠢᠨ ᠬᠠᠮᠲᠤ ᠬᠤᠭ ᠨᠣᠪᠰᠢ ᠶᠢᠨ ᠳᠣᠲᠣᠷᠠᠬᠢ ᠪᠠᠺᠲ᠋ᠧᠷᠢ᠂ ᠸᠢᠷᠦ᠋ᠰ ᠢ ᠲᠦᠢᠯᠪᠤᠷᠢᠲᠠᠢ ᠠᠷᠢᠯᠭᠠᠵᠤ᠂ | ᠦᠮᠡᠬᠡᠢ ᠦᠨᠦᠷ ᠢ ᠥᠨᠳᠥᠷ ᠳᠤᠯᠠᠭᠠᠨ ᠳᠤ ᠵᠠᠳᠠᠷᠠᠭᠤᠯᠵᠤ᠂ ᠬᠠᠮᠤᠭ ᠤᠨ ᠲᠦᠷᠭᠡᠨ ᠬᠤᠷᠳᠤᠴᠠ ᠪᠠᠷ ᠬᠤᠣᠷ | ᠦᠭᠡᠶᠢᠳᠡᠭᠦᠯᠦᠨᠡ᠃ | ᠠᠵᠤ ᠠᠬᠤᠶᠢᠯᠠᠯ ᠤᠨ ᠬᠥᠭᠵᠢᠯᠲᠡ ᠶᠢ ᠬᠠᠪᠰᠤᠷᠤᠨ ᠵᠢᠯᠣᠭᠤᠳᠴᠤ᠂ ᠬᠤᠭ ᠨᠣᠪᠰᠢ ᠰᠢᠲᠠᠭᠠᠬᠤ ᠴᠠᠬᠢᠯᠭᠠᠨ | ᠭᠠᠷᠭᠠᠬᠤ ᠦᠢᠯᠡᠳᠪᠦᠷᠢ ᠶᠢᠨ ᠡᠵᠡᠩᠨᠡᠯᠲᠡ ᠶᠢᠨ ᠶᠠᠪᠤᠴᠠ ᠳᠤ ᠬᠤᠶᠠᠳᠠᠬᠢ ᠤᠳᠠᠭᠠᠨ ᠤ ᠪᠣᠬᠢᠷᠲᠤᠯ ᠡᠭᠦᠰᠬᠦ ᠠᠴᠠ | ᠰᠡᠷᠭᠡᠶᠢᠯᠡᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠶᠢᠨ | ᠲᠥᠯᠥᠭᠡ᠂ ᠣᠶᠢᠷ᠎ᠠ ᠳᠤ᠂ ᠵᠢᠥ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠥᠪᠥᠷ ᠮᠣᠩᠭᠤᠯ ᠤᠨ ᠫᠷᠠᠲ ᠵᠠᠮ ᠬᠠᠷᠢᠯᠴᠠᠭ᠎ᠠ ᠡᠨᠧᠷᠭᠢ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠵᠤᠤᠬ᠎ᠠ ᠪᠠᠨ ᠣᠯᠠᠨᠲᠠ ᠡᠬᠢᠯᠡᠭᠦᠯᠬᠦ᠂ ᠦᠮᠡᠬᠡᠢ ᠬᠡᠢ ᠪᠡᠶᠡᠲᠦ ᠶᠢᠨ | ᠲᠠᠷᠬᠠᠯᠲᠠ᠂ ᠦᠨᠡᠰᠦᠨ ᠰᠢᠭᠠᠷᠤ ᠪᠠ ᠨᠢᠰᠦᠨ ᠦᠨᠡᠰᠦ ᠶᠢ ᠵᠥᠭᠡᠭᠡᠪᠦᠷᠢᠯᠡᠬᠦ ᠲᠠᠯ᠎ᠠ ᠪᠠᠷ ᠵᠢᠷᠤᠮᠵᠢᠯ ᠥᠬᠡᠶ ᠵᠡᠷᠭᠡ | ᠠᠰᠠᠭᠤᠳᠠᠯ ᠳᠤ ᠴᠢᠭᠯᠡᠭᠦᠯᠦᠨ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ | ᠨᠢᠭᠡ ᠳᠤ᠂ ᠴᠢᠩᠭ᠎ᠠ ᠨᠢᠮᠪᠠᠢ ᠬᠠᠮᠢᠶᠠᠷᠴᠤ᠂ ᠦᠢᠯᠡᠳᠪᠦᠷᠢ ᠶᠢᠨ ᠲᠣᠭᠤᠷᠢᠭ ᠤᠨ ᠲᠣᠭᠤᠷᠢᠨ ᠪᠠᠶᠢᠴᠠᠭᠠᠬᠤ | ᠤᠳᠠᠭ᠎ᠠ ᠶᠢ ᠨᠡᠮᠡᠭᠳᠡᠭᠦᠯᠵᠦ᠂ ᠤᠷᠢᠳᠴᠢᠯᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ ᠪᠣᠬᠢᠷᠲᠤᠯ ᠤᠨ ᠡᠬᠢ ᠶᠢ | ᠡᠵᠡᠮᠳᠡᠬᠦ ᠬᠡᠷᠡᠭᠲᠡᠢ︔ ᠬᠤᠶᠠᠷ ᠲᠤ ᠦᠮᠡᠬᠡᠶ ᠬᠡᠶ ᠪᠡᠶᠡᠲᠦ ᠶᠢ ᠰᠢᠢᠳᠪᠦᠷᠢᠯᠡᠬᠦ᠂ ᠣᠲᠤᠭ᠎ᠠ ᠬᠡᠢ ᠶᠢ ᠴᠡᠪᠡᠷᠰᠢᠭᠦᠯᠬᠦ | ᠵᠢᠴᠢ ᠨᠢᠰᠦᠭᠦᠷ ᠢ ᠬᠠᠲᠠᠭᠤᠷᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠣᠳᠠᠰ ᠤᠨ ᠭᠦᠢᠴᠡᠳ ᠬᠡᠮᠵᠢᠶᠡᠨ ᠤ ᠣᠷᠣᠭᠤᠯᠤᠯᠲᠠ ᠶᠢ ᠪᠠᠲᠤᠯᠠᠵᠤ᠂ ᠪᠣᠬᠢᠷᠲᠤᠯ ᠪᠣᠳᠠᠰ ᠢ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠭᠤᠷᠪᠠ ᠳᠤ᠂ | ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ ᠪᠠ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠬᠡᠪ ᠤᠨ ᠲᠣᠭᠲᠠᠭᠤᠨ ᠢᠶᠠᠷ | ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠲᠦᠷᠪᠡ ᠳᠤ᠂ ᠮᠠᠲ᠋ᠧᠷᠢᠶᠠᠯ ᠪᠠᠭᠤᠯᠭᠠᠬᠤ ᠶᠡᠭᠡ ᠲᠢᠩᠬᠢᠮ ᠪᠠ ᠬᠤᠭ | ᠨᠣᠪᠰᠢ ᠶᠢᠨ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠭ ᠨᠣᠪᠰᠢ ᠶᠢᠨ ᠬᠥᠮᠥᠷᠭᠡ ᠶᠢᠨ ᠰᠥᠭᠡᠷᠭᠦ | ᠳᠠᠷᠤᠯᠲᠠ ᠶᠢ ᠬᠢᠵᠠᠭᠠᠷᠯᠠᠵᠤ᠂ ᠰᠠᠯᠬᠢ ᠭᠠᠳᠠᠭᠰᠢᠯᠠᠭᠤᠯᠬᠤ ᠰᠢᠰᠲ᠋ᠧᠮ ᠢ ᠰᠠᠶᠢᠲᠤᠷ ᠬᠠᠮᠠᠭᠠᠯᠠᠵᠤ᠂ ᠦᠮᠡᠬᠡᠶ | ᠲᠣᠨᠣᠭᠯᠠᠯ ᠤᠨ ᠠᠵᠢᠯᠯᠠᠭᠠᠨ ᠤ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠶ᠃ | | | | ᠬᠤᠭ ᠨᠣᠪᠰᠢ ᠶᠢᠨ ᠴᠠᠬᠢᠯᠭᠠᠨ ᠤ ᠦᠢᠯᠡᠳᠪᠦᠷᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠢᠨᠠᠨ | ᠬᠠᠮᠢᠶᠠᠷᠬᠤ ᠨᠢᠭᠡᠴᠡ ᠶᠢᠨ ᠬᠠᠪᠰᠤᠷᠤᠨ ᠲᠡᠳᠬᠦᠵᠦ ᠵᠢᠯᠣᠭᠤᠳᠤᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠣᠰ | ᠤᠳᠠᠭᠠᠨ ᠤ ᠨᠡᠪᠲᠡᠷᠡᠯᠴᠡᠭᠡ ᠰᠣᠯᠢᠯᠴᠠᠭ᠎ᠠ ᠨᠢ ᠰᠡᠷᠡᠮᠵᠢ ᠣᠯᠵᠤ᠂ ᠨᠡᠯᠢᠶᠡᠳ ᠶᠡᠭᠡ ᠣᠯᠤᠯᠲᠠ ᠲᠠᠢ ᠪᠣᠯᠬᠤᠷ ᠡᠷᠬᠡᠪᠰᠢ | ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠤᠷᠠᠳᠤᠭᠰᠠᠨ | ᠱᠠᠭᠠᠷᠳᠠᠯᠭ᠎ᠠ ᠶᠣᠰᠣᠭᠠᠷ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠬᠦ | ᠲᠥᠰᠦᠯ ᠢ ᠲᠦᠷᠭᠡᠬᠡᠨ ᠲᠣᠭᠲᠠᠭᠠᠬᠤ ᠶᠢᠨ ᠬᠠᠮᠲᠤ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠶᠠᠳᠠᠬᠢ ᠤᠳᠠᠭᠠᠨ ᠤ | ᠪᠣᠬᠢᠷᠲᠤᠯ ᠢ ᠡᠷᠡᠰ ᠬᠤᠷᠢᠭᠯᠠᠵᠤ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠣᠯᠭᠠᠵᠤ᠂ ᠵᠠᠰᠠᠭ ᠤᠨ ᠣᠷᠳᠣᠨ ᠢ | ᠰᠠᠨᠠᠭ᠎ᠠ ᠠᠮᠤᠷ ᠪᠠᠶᠢᠯᠭᠠᠬᠤ ᠬᠡᠷᠡᠭᠲᠡᠶ ᠭᠡᠵᠡᠶ᠃ | | | | |