ᠬᠡᠷ ᠠᠬᠤᠶ ᠶᠢᠨ ᠦᠢᠯᠡᠴᠢᠯᠡᠭᠡ ᠶᠢ  ᠭᠡᠷ ᠬᠤᠷᠢᠶᠠᠯᠠᠯ ᠲᠤ ᠣᠷᠣᠭᠤᠯᠵᠣ ᠂ ᠦᠨᠡᠨ ᠰᠡᠳᠬᠢᠯᠭᠡ ᠪᠠᠷ ᠦᠢᠯᠡᠴᠢᠯᠡᠵᠣ ᠥᠴᠦᠬᠡᠨ ᠴᠦ ᠵᠠᠶ ᠦᠭᠡᠢ ᠪᠣᠯᠭᠠᠬᠤ
ᠨᠡᠶᠢᠲᠡᠯᠡᠭᠰᠡᠨ ᠴᠠᠭ᠄
2024/11/20
    ᠣᠶᠢᠷ᠎ᠠ ᠳᠤ᠂ ᠸᠠᠨ ᠺᠧ ᠭᠡᠷ ᠬᠤᠷᠢᠶᠠᠯᠠᠯ ᠠᠨ ᠰᠢᠨ ᠬᠡᠷ ᠠᠬᠤᠶ ᠶᠢᠨ ᠲᠠᠯ᠎ᠠ ᠪᠠᠷ ᠬᠠᠮᠲᠤ ᠪᠠᠷ ᠶᠢᠨ ᠰᠢᠤ ᠰᠢᠨ᠎ᠡ ᠬᠤᠲᠠ ᠲᠣᠭᠤᠷᠢᠭ ᠤᠨ ᠥᠨᠥᠴᠢᠨ ᠪᠡᠯᠪᠡᠰᠦᠨ ᠨᠠᠰᠤᠲᠠᠨ ᠳᠤ ᠨᠢᠭᠡ ᠤᠳᠠᠭᠠᠨ ᠤ ᠶᠡᠷᠦ ᠪᠤᠰᠤ ᠶᠢᠨ ᠠᠴᠢ ᠬᠤᠯᠪᠣᠭᠳᠠᠯ ᠲᠠᠢ ︽  ᠰᠢᠯ ᠵᠦᠯᠭᠦᠵᠦ ᠳᠤᠯᠠᠭᠠᠯᠠᠬᠤ ᠬᠦᠷᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ ᠬᠠᠮᠲᠤᠯᠢᠭ ᠢ ᠬᠠᠯᠠᠮᠵᠢᠯᠠᠵᠤ ᠪᠠᠶᠢᠬᠤ ᠶᠢ ᠲᠠᠶᠢᠯᠪᠤᠷᠢᠯᠠᠵᠤ ᠥᠭᠪᠡ᠃
111111111.jpg
    ᠠᠵᠢᠯᠯᠠᠭ᠎ᠠ ᠶᠢᠨ ᠲᠤᠬᠠᠢ ᠶᠢᠨ ᠡᠳᠦᠷ᠂ ᠠᠨ ᠰᠢᠨ ᠭᠡᠷ ᠤᠨ ᠶᠠᠪᠤᠳᠠᠯ ᠤᠨ ᠠᠵᠢᠯᠲᠠᠳ ᠠᠯᠢ ᠡᠷᠲᠡ ᠶᠢᠨ ᠰᠢᠤ ᠰᠢᠨ ᠰᠠᠭᠤᠭᠠᠯᠢ ᠲᠣᠭᠤᠷᠢᠭ ᠲᠤ ᠬᠦᠷᠴᠦ᠂ ᠠᠵᠢᠯᠲᠠᠨ ᠤ ᠠᠵᠢᠯ ᠤᠨ ᠬᠤᠪᠢᠶᠠᠷᠢᠯᠠᠯ ᠲᠣᠳᠣᠷᠬᠠᠢ᠂ ᠵᠠᠷᠢᠮ ᠨᠢ ᠤᠰᠤ ᠠᠪᠬᠤ᠂ ᠳᠠᠮᠵᠢᠭᠤᠯᠬᠤ ᠪᠠᠭᠠᠵᠢ ᠬᠡᠷᠡᠭᠰᠡᠯ ᠬᠠᠷᠢᠭᠤᠴᠠᠵᠤ᠂ ᠵᠠᠷᠢᠮ ᠨᠢ ᠳᠡᠪᠢᠭᠦᠷ ᠰᠢᠯ ᠨᠢᠭᠡᠪᠦᠷᠢ ᠶᠢ ᠨᠠᠷᠢᠨ ᠬᠢᠨᠠᠮᠠᠭᠠᠢ ᠠᠷᠴᠢᠵᠣ᠂ ᠨᠠᠷᠠᠨ ᠤ ᠭᠡᠷᠡᠯ ᠴᠡᠪᠡᠷ ᠰᠢᠯ ᠢ ᠨᠡᠪᠲᠡᠯᠦᠨ ᠭᠡᠷ ᠲᠤ ᠣᠷᠣᠵᠤ᠂ ᠪᠥᠬᠦ ᠭᠡᠷ ᠨᠢ ᠶᠠᠭ ᠯᠠ ᠰᠢᠨ᠎ᠡ ᠳᠦᠷᠰᠦ ᠪᠠᠶᠢᠳᠠᠯ ᠲᠠᠢ ᠪᠣᠯᠣᠭᠰᠠᠨ ᠰᠢᠭ ᠪᠠᠶᠢᠯ᠎ᠠ᠃ ᠭᠡᠷ ᠤᠨ ᠰᠢᠯ ᠢ ᠡᠶᠢᠮᠦ ᠴᠡᠪᠡᠷ ᠪᠣᠯᠲᠠᠯ᠎ᠠ ᠵᠦᠯᠭᠦᠭᠳᠡᠵᠦ ᠂ ᠨᠠᠰᠤᠲᠠᠶᠢᠴᠤᠳ ᠤᠨ ᠴᠢᠷᠠᠶ ᠳᠤ ᠭᠡᠷᠡᠯ ᠰᠠᠴᠤᠷᠠᠩᠭᠤᠢ ᠢᠨᠢᠶᠡᠮᠰᠦᠭᠯᠡᠯ ᠲᠣᠳᠣᠷᠠᠵᠤ᠂ ᠲᠡᠳᠡ ᠠᠵᠢᠯᠲᠠᠳ ᠲᠠᠭᠠᠨ ᠵᠠᠯᠭᠠᠭ᠎ᠠ ᠪᠠᠷ ᠲᠠᠯᠠᠷᠬᠠᠵᠤ᠂ ᠰᠡᠳᠬᠢᠯ ᠳᠦᠭᠦᠷᠡᠩ ᠪᠠᠶᠢᠯ᠎ᠠ᠃ 
2222.jpg
    ᠠᠵᠢᠯᠯᠠᠭ᠎ᠠ ᠪᠠᠷ ᠳᠠᠮᠵᠢᠭᠤᠯᠤᠨ᠂ ᠨᠠᠰᠤᠲᠠᠶᠢᠴᠤᠳ ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠪᠠ ᠳᠤᠯᠠᠭᠠᠨ ᠮᠡᠳᠡᠷᠡᠭᠦᠯᠪᠡ᠃ ᠭᠡᠷ ᠬᠤᠷᠢᠶᠠᠯᠠᠯ ᠪᠣᠯᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠠᠮᠲᠤ ᠶᠢᠨ ᠴᠢᠷᠮᠠᠶᠢᠯᠭ᠎ᠠ ᠪᠠᠷ᠂ ᠨᠡᠩ ᠤᠯᠠᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠬᠠᠶᠢᠷ᠎ᠠ ᠬᠠᠯᠠᠮᠵᠢᠯᠠᠯ ᠳᠤ ᠪᠦᠰᠡᠯᠡᠭᠳᠡᠭᠦᠯᠭᠦ  ᠭᠡᠵᠣ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号