ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠰᠠᠶᠢᠲᠤᠷ ᠬᠢᠵᠦ᠂ ᠭᠠᠯ ᠤᠨ ᠭᠠᠮᠰᠢᠭ ᠤᠨ ᠠᠳᠡᠯ | ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠬᠤᠶᠠᠷᠬᠤᠳᠳᠤᠭ ᠪᠠᠯᠭᠠᠰᠤᠨ ᠤ | ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠬᠠᠷᠢᠶ᠎ᠠ ᠣᠷᠣᠨ ᠤ ᠪᠠᠨ ᠡᠯ᠎ᠡ ᠲᠣᠰᠬᠤᠨ ᠪᠠᠯᠭᠠᠰᠤᠨ ᠳᠤ | ᠭᠦᠨᠵᠡᠭᠡᠶᠢᠷᠡᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ ᠥᠷᠨᠢᠭᠦᠯᠵᠦ᠂ ᠭᠠᠯ | ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃ | | | | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ | ᠭᠡᠰᠢᠭᠦᠳ ᠡᠳᠦᠷ ᠪᠦᠷᠢ ᠲᠠᠷᠢᠶᠠᠨ ᠭᠠᠵᠠᠷ᠂ ᠠᠶᠢᠯ ᠲᠣᠰᠬᠤᠨ ᠤ ᠡᠷᠬᠢᠨ ᠲᠣᠭᠤᠷᠢᠨ᠂ ᠵᠠᠮ ᠤᠨ ᠬᠠᠵᠠᠭᠤ ᠶᠢᠨ | ᠭᠤᠤ ᠶᠢᠨ ᠬᠠᠵᠠᠭᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ | ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠶᠢ ᠴᠢᠩᠭᠠᠳᠬᠠᠵᠤ᠂ ᠲᠣᠰᠬᠤᠨ ᠤ ᠠᠷᠠᠳ ᠲᠤ ᠡᠰᠢ | ᠰᠦᠷᠡᠯ ᠰᠢᠲᠠᠭᠠᠬᠤ ᠠᠴᠠ ᠪᠣᠯᠤᠭᠰᠠᠨ ᠮᠠᠭᠤ ᠦᠷ᠎ᠡ ᠳ᠋ᠦᠩ ᠢ ᠭᠦᠨᠵᠡᠭᠡᠶ ᠲᠠᠨᠢᠭᠤᠯᠵᠤ᠂ ᠤᠬᠠᠮᠰᠠᠷ ᠠᠴᠠ ᠪᠠᠨ ᠡᠰᠢ | ᠰᠦᠷᠡᠯ ᠰᠢᠲᠠᠭᠠᠬᠤ ᠶᠢ ᠴᠠᠭᠠᠵᠠᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠶᠢ ᠪᠡᠶᠡᠯᠡᠭᠦᠯᠬᠦ ᠬᠡᠷᠡᠭᠲᠡᠶ᠃ | | | | ᠳᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠪᠠᠯᠭᠠᠰᠤ ᠭᠤᠣᠯᠳᠠᠯᠭ᠎ᠠ ᠲᠠᠢ ᠬᠠᠷᠢᠭᠤᠴᠠᠯᠭᠠᠲᠤ ᠣᠷᠣᠨ ᠢ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠣᠷᠣᠨ ᠤ ︽ᠤᠲᠤᠭ᠎ᠠ ᠲᠠᠯᠪᠢᠬᠤ ᠦᠭᠡᠢ ︾ | ᠪᠠᠶᠢᠬᠤ ᠶᠢ ᠪᠠᠲᠤᠯᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠳᠤ | ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | | | | |