ᠵᠠᠯᠠᠭᠤ ᠭᠡᠷ ᠬᠤᠷᠢᠶᠠᠯᠠᠯ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/11/21
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠢᠴᠢ ᠭᠡᠷ ᠪᠦᠯᠢ ᠳᠤ ᠤᠯᠠᠨ ᠤ ᠲᠢᠩᠬᠢᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠶᠢᠨ ᠲᠥᠯᠥᠭᠡ᠂ ᠳᠡᠯᠡᠬᠡᠢ ᠶᠢᠨ ᠬᠡᠦᠬᠡᠳ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 11 ᠰᠠᠷ᠎ᠠ ᠶᠢᠨ 19 ᠤ ᠡᠳᠦᠷ ᠵᠢᠥ ᠶᠤᠸᠠᠨ ᠲᠣᠭᠤᠷᠢᠭ ᠤᠨ ᠰᠠᠶᠢᠬᠠᠨ ᠵᠡᠭᠡᠯᠢ ᠭᠤᠳᠤᠮᠵᠢ ᠶᠢᠨ ᠵᠠᠯᠠᠭᠤ ᠭᠡᠷ ᠬᠤᠷᠢᠶᠠᠯᠠᠯ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠵᠦ ᠂ ᠬᠠᠷᠢᠶ᠎ᠠ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠱᠢ ᠢᠦᠶ ᠳᠤ ᠬᠠᠶᠢᠷ᠎ᠠ ᠬᠠᠯᠠᠮᠵᠢ ᠪᠠ ᠮᠡᠨᠳᠦᠴᠢᠯᠡᠯ ᠬᠦᠷᠭᠡᠪᠡ᠃
11111111.jpg
       ᠦᠭᠡ ᠳᠠᠭᠤ ᠦᠭᠡᠢ ᠪᠣᠯ ᠢᠦᠢ ᠷᠦᠩ ᠭᠤᠸᠠᠨ ᠣᠷᠳᠣᠨ ᠤ ᠰᠠᠭᠤᠭᠠᠯᠢ ᠠᠷᠠᠳ᠂ ᠬᠠᠷᠠᠬᠠᠨ ᠪᠠᠭ᠎ᠠ ᠠᠴᠠ ᠪᠠᠨ ᠲᠥᠷᠥᠯᠬᠢ ᠮᠠᠭᠤ ᠴᠢᠰᠤ ᠳᠤᠲᠠᠬᠤ ᠡᠪᠡᠳᠴᠢᠨ ᠲᠠᠢ᠂ ᠠᠪᠤ ᠡᠵᠢ ᠨᠢ ᠰᠠᠯᠤᠭᠠᠳ ᠭᠤᠣᠯᠳᠠᠭᠤ ᠨᠠᠭᠠᠴᠤ ᠡᠮᠡᠭᠡ ᠨᠢ ᠠᠰᠠᠷᠠᠵᠤ ᠲᠡᠵᠢᠭᠡᠭᠡᠳ᠂ ᠬᠡᠦᠬᠡᠳ ᠨᠢ ᠲᠣᠩ ᠬᠠᠲᠠᠭᠤ᠂ ᠪᠢᠳᠡ ᠤᠳᠠᠭ᠎ᠠ ᠪᠦᠷᠢ ᠲᠡᠭᠦᠨ ᠲᠠᠢ ᠠᠭᠤᠯᠵᠠᠪᠠᠯ ᠢᠨᠢᠶᠡᠮᠰᠦᠭᠯᠡᠨ᠎ᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠡᠷᠦᠬᠡ ᠳᠤ ᠣᠷᠣᠵᠤ ᠰᠤᠷᠪᠤᠯᠵᠢᠯᠠᠬᠤ ᠬᠡᠯᠪᠡᠷᠢ ᠪᠠᠷ ᠪᠢᠴᠢᠭ ᠤᠨ ᠪᠣᠭᠴᠣ᠂ ᠬᠠᠷᠠᠨᠳᠠ ᠶᠢᠨ ᠬᠠᠶᠢᠷᠴᠠᠭ ᠵᠡᠷᠭᠡ ᠰᠤᠷᠤᠯᠭ᠎ᠠ ᠶᠢᠨ ᠬᠡᠷᠡᠭᠰᠡᠯ ᠢ ᠬᠡᠤᠬᠡᠳ ᠤᠨ ᠬᠡᠷ ᠲᠤ ᠬᠦᠷᠭᠡᠬᠦ ᠶᠢᠨ ᠬᠠᠮᠲᠤ ᠢᠳᠡᠪᠬᠢᠲᠡᠶ ᠢᠲᠡᠭᠡᠯ ᠵᠣᠷᠢᠭ ᠪᠠ ᠰᠥᠰᠥ ᠵᠣᠷᠢᠭ ᠢᠶᠠᠷ ᠲᠦᠷ ᠴᠠᠭ ᠤᠨ ᠬᠦᠴᠢᠷᠳᠡᠯ ᠳᠤ ᠬᠠᠨᠳᠤᠵᠤ᠂ ᠢᠳᠡᠪᠬᠢᠲᠡᠶ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠰᠠᠶᠢᠲᠤᠷ ᠰᠤᠷᠤᠯᠴᠠᠵᠤ᠂ ᠥᠭᠡᠳᠡᠯᠡᠨ ᠳᠠᠪᠰᠢᠬᠤ ᠶᠢ ᠵᠣᠷᠢᠭᠵᠢᠭᠤᠯᠵᠠᠶ᠃
222222222.jpg   
       ᠲᠣᠰ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠨᠢ ᠬᠦᠴᠢᠷᠳᠡᠯ ᠳᠤ ᠲᠤᠯᠭᠠᠷᠠᠭᠰᠠᠨ ᠬᠡᠤᠬᠡᠳ ᠵᠢᠴᠢ ᠬᠡᠷ ᠪᠦᠯᠢ ᠳᠤ ᠪᠣᠳᠠᠰ ᠤᠨ ᠲᠠᠯ᠎ᠠ ᠶᠢᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠣᠶᠤᠨ ᠰᠠᠨᠠᠭᠠᠨ ᠤ ᠲᠠᠯ᠎ᠠ ᠪᠠᠷ ᠬᠢ ᠬᠠᠶᠢᠷ᠎ᠠ ᠬᠠᠯᠠᠮᠵᠢ ᠶᠢ ᠨᠠᠩ ᠢᠯᠡᠭᠦᠤ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠭᠡᠷ ᠬᠤᠷᠢᠶᠠᠯᠠᠯ ᠤᠨ ᠬᠠᠶᠢᠷ᠎ᠠ ᠬᠠᠯᠠᠮᠵᠢ ᠶᠢ ᠭᠦᠨᠵᠡᠭᠡᠶ ᠮᠡᠳᠡᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠭᠡᠷ ᠬᠤᠷᠢᠶᠠᠯᠠᠯ ᠤᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠵᠠᠯᠠᠭᠤ ᠭᠡᠷ ᠬᠤᠷᠢᠶᠠᠯᠠᠯ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠣᠯᠠᠨ ᠶᠠᠩᠵᠤ ᠬᠡᠯᠪᠡᠷᠢ ᠶᠢᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠬᠡᠤᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号