ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/11/21
    11 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠤᠨ ᠡᠷᠬᠢᠯᠡᠭᠴᠢ ᠭᠡᠰᠢᠭᠦᠨ ᠴᠢᠶᠣᠤ ᠰᠢᠶᠠᠨ ᠢ᠂ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠭᠡᠰᠢᠭᠦᠨ ᠭᠦᠸᠧ ᡁᠢ ᠬᠤᠸᠠ᠂ ᠯᠢ ᠶᠢᠩ᠂ ᠵᠤᠤ ᠬᠤ᠋ ᠫᠢᠩ ᠵᠢᠴᠢ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠤᠨ ᠨᠠᠷᠢᠨ ᠪᠢᠴᠢᠭᠡᠴᠢ ᠬᠤᠸᠠᠩ ᠦ᠋ ᠳ᠋ᠦᠸᠧ ᠨᠠᠷ ᠪᠤᠭᠤᠲᠤ ᠬᠤᠳᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠲᠤᠰᠬᠠᠢ ᠶᠠᠰᠤ ᠴᠢᠨᠠᠷ ᠢ ᠡᠵᠡᠮᠳᠡᠬᠦ ᠠᠵᠢᠯ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠪᠠ ᠱᠠᠯᠠᠪᠳᠠᠭᠤᠯᠤᠨ ᠵᠢᠯᠣᠭᠤᠳᠪᠠ᠃ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠶᠢᠨ ᠰᠠᠭᠤᠳᠠᠯ ᠤᠨ ᠬᠡᠮᠵᠢᠶ᠎ᠡ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠭᠡ ᠲᠢᠩᠬᠢᠮ᠂ ᠧᠦ᠋ᠷᠣᠫᠠ ᠡᠮᠨᠡᠯᠭᠡ ᠶᠢᠨ ᠬᠡᠯᠲᠡᠰ ᠪᠣᠯᠤᠨ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠶᠢᠨ ᠭᠠᠵᠠᠷ ᠲᠤ ᠬᠦᠷᠴᠦ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠮᠨᠡᠯᠭᠡ ᠶᠢᠨ ᠬᠤᠷᠢᠶᠠᠨ ᠤ ᠬᠠᠮᠢᠶ᠎ᠠ ᠪᠥᠬᠦᠶ ᠮᠠᠲ᠋ᠧᠷᠢᠶᠠᠯ ᠳᠤ ᠨᠠᠷᠢᠨ ᠪᠠᠶᠢᠴᠠᠭᠠᠯᠲᠠ ᠬᠢᠵᠦ᠂ ᠠᠭᠤᠯᠭ᠎ᠠ ᠨᠢ ᠪᠤᠭᠤᠲᠤ ᠬᠤᠲᠠ ᠶᠢᠨ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠪᠠ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠲᠤᠰᠬᠠᠶ ᠶᠠᠰᠤ ᠴᠢᠨᠠᠷ ᠢ ᠡᠵᠡᠮᠳᠡᠬᠦ ᠠᠵᠢᠯ ᠢ ᠬᠡᠷᠡᠭᠵᠢᠭᠦᠯᠦᠭᠰᠡᠨ ᠪᠠᠶᠢᠳᠠᠯ᠂ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢᠨ ᠡᠮᠴᠢᠯᠡᠭᠡᠨ ᠤ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ︵2024 ᠣᠨ ᠤ ᠬᠡᠪᠯᠡᠯ︶ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠭᠦᠳᠡᠨ ᠡᠮᠨᠡᠯᠭᠡ ᠶᠢᠨ ᠡᠯᠧᠺᠲᠷᠣᠨ ᠡᠪᠡᠳᠴᠢᠨ ᠤ ᠥᠩᠭᠡᠷᠡᠯᠲᠡ ᠶᠢᠨ ᠶᠠᠰᠤ ᠴᠢᠨᠠᠷ ᠢ ᠡᠵᠡᠮᠳᠡᠬᠦ ᠠᠵᠢᠯ ᠵᠢᠴᠢ ᠡᠭᠦᠳᠡᠨ ᠡᠮᠨᠡᠯᠭᠡ ᠶᠢᠨ ᠪᠠᠷᠢᠮᠵᠢᠶᠠᠲᠤ ᠣᠨᠣᠰᠢᠯᠠᠬᠤ ᠬᠥᠮᠥᠷᠭᠡ ᠶᠢ ᠬᠡᠷᠡᠭᠯᠡᠭᠰᠡᠨ ᠪᠠᠶᠢᠳᠠᠯ ᠵᠡᠷᠭᠡ ᠶᠢ ᠬᠠᠮᠤᠷᠴᠠᠶ᠃    ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠤᠨ ᠤᠳᠤᠷᠢᠳᠤᠯᠭ᠎ᠠ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠠᠯ᠎ᠠ ᠪᠠᠷ ᠬᠢᠭᠰᠡᠨ ᠴᠢᠷᠮᠠᠶᠢᠯᠭ᠎ᠠ ᠶᠢ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠤᠳᠤᠷᠢᠳᠤᠯᠭ᠎ᠠ ᠪᠣᠯᠤᠨ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠠᠵᠢᠯ ᠤᠨ ᠲᠤᠬᠠᠶ ᠲᠤᠬᠠᠶ ᠶᠢᠨ ᠲᠠᠯᠠᠪᠤᠷ ᠤᠨ ᠰᠣᠯᠢᠯᠴᠠᠭ᠎ᠠ ᠪᠠ ᠵᠢᠯᠣᠭᠤᠳᠣᠯᠭ᠎ᠠ ᠬᠢᠵᠦ᠂ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠵᠢᠯᠣᠭᠤᠳᠤᠨ ᠠᠬᠢᠭᠤᠯᠪᠠ᠃    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠷᠬᠢᠮ ᠨᠠᠨᠳᠢᠨ ᠵᠢᠯᠣᠭᠤᠳᠣᠯᠭ᠎ᠠ ᠪᠠ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠠᠵᠢᠯ ᠤᠨ ᠳᠡᠭᠡᠭᠰᠢᠯᠡᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠡᠮᠨᠡᠯᠭᠡ ᠶᠢᠨ ᠬᠤᠷᠢᠶ᠎ᠠ ᠡᠭᠦᠳᠡᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠥᠷᠭᠡᠨ ᠣᠯᠠᠨ ᠡᠪᠡᠳᠴᠢᠲᠡᠨ ᠳᠤ ᠨᠠᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号