| | 11 ᠰᠠᠷ᠎ᠠ ᠶᠢᠨ 18 ᠤ ᠡᠳᠦᠷ᠂ ᠵᠢᠥ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠲᠣᠭᠤᠷᠢᠭ ᠤᠨ ᠱᠠᠲᠤᠨ ᠤ ᠳᠡᠳ᠋ ᠤᠢ ᠰᠢᠭᠤᠢ ᠶᠢᠨ ᠳᠠᠷᠤᠭ᠎ᠠ ᠸᠠᠩ ᠶᠦᠩ 2024 ᠣᠨ ᠤ ᠤᠢ ᠰᠢᠭᠤᠢ ᠶᠢᠨ | ᠳᠠᠷᠤᠭ᠎ᠠ ᠶᠢᠨ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠤ᠂ ᠲᠣᠭᠤᠷᠢᠭ ᠤᠨ ᠤᠢ ᠰᠢᠭᠤᠢ ᠶᠢᠨ ᠳᠠᠷᠤᠭ᠎ᠠ ᠶᠢᠨ | ᠳᠦᠷᠢᠮ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠤᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠤᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ | ᠡᠯ᠎ᠡ ᠰᠤᠮᠤ᠂ ᠵᠡᠭᠡᠯᠢ ᠪᠠᠯᠭᠠᠰᠤ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ᠂ ᠮᠡᠷᠭᠡᠨ ᠤᠢ | ᠰᠢᠭᠤᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠡᠩ ᠲᠡᠷᠢᠭᠦᠨ ᠳᠤ ᠵᠢᠦ ᠶᠤᠸᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠠᠷᠤᠭ᠎ᠠ᠂ ᠲᠣᠭᠤᠷᠢᠭ ᠤᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ | ᠡᠷᠬᠢᠯᠡᠭᠴᠢ ᠶᠠᠩ ᠳ᠋ᠦᠩ ᠱᠠᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ | ᠳᠣᠲᠣᠷᠠᠬᠢ ᠨᠢᠯᠬ᠎ᠠ ᠣᠶ ᠶᠢ ᠠᠷᠠᠴᠢᠯᠠᠨ ᠪᠤᠶᠢᠵᠢᠭᠤᠯᠬᠤ ᠲᠥᠷᠥᠯ ᠵᠥᠢᠯ᠂ ᠮᠤᠨᠢ ᠠᠭᠤᠯᠠ ᠶᠢᠨ ᠠᠷᠤ ᠬᠤᠷᠮᠣᠶ ︵ | ᠪᠣᠷᠣᠲᠣᠬᠤᠶ ᠶᠢᠨ ᠲᠠᠯ᠎ᠠ ᠭᠠᠵᠠᠷ︶ ᠶᠢ ᠶᠡᠷᠦᠩᠬᠡᠶᠢᠯᠡᠨ ᠵᠠᠰᠠᠬᠤ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ | ᠠᠰᠠᠭᠤᠳᠠᠯ ᠵᠢᠴᠢ ︽ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾᠂ ︽ᠵᠢᠦ | ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠪᠠᠯᠠ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠨᠠᠷᠢᠨ ᠲᠦᠷᠢᠮ︾︔ ᠡᠯ᠎ᠡ ᠰᠤᠮᠤ᠂ | ᠵᠡᠭᠡᠯᠢ ᠪᠠᠯᠭᠠᠰᠤ᠂ ᠣᠶ ᠰᠢᠭᠤᠶ ᠶᠢᠨ ᠲᠠᠯᠠᠪᠠᠶ ᠶᠢᠨ ᠲᠥᠯᠥᠭᠡᠯᠡᠭᠴᠢ ᠲᠣᠰ ᠱᠠᠲᠤᠨ ᠤ ᠠᠵᠢᠯ ᠢᠶᠠᠨ ᠬᠠᠷᠢᠭᠤ | ᠮᠡᠳᠡᠭᠦᠯᠪᠡ︔ ᠬᠠᠮᠤᠭ ᠰᠡᠭᠦᠯ ᠳᠤ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ | ᠱᠠᠲᠤᠨ ᠤ ᠳᠡᠳ᠋ ᠣᠶ ᠰᠢᠭᠤᠶ ᠶᠢᠨ ᠳᠠᠷᠤᠭ᠎ᠠ ᠸᠠᠩ ᠶᠦᠩ ᠳ᠋ᠦᠩᠨᠡᠯᠲᠡ ᠶᠢᠨ ᠦᠭᠡ ᠬᠡᠯᠡᠪᠡ᠃ | ᠲᠡᠷᠡ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠪᠣᠯᠪᠠᠰᠤᠨ ᠤ | ᠣᠶᠢᠯᠠᠭᠠᠭᠳᠠᠬᠤᠨ ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ︽ᠨᠣᠭᠤᠭᠠᠷᠠᠭᠤᠯᠤᠯᠲᠠ ᠶᠢ ᠬᠠᠮᠠᠭᠠᠯᠠᠬᠤ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠢᠶᠠᠷᠬᠤ᠂ ᠨᠣᠭᠤᠭᠠᠷᠠᠭᠤᠯᠤᠯᠲᠠ ᠶᠢ | ᠬᠥᠭᠵᠢᠭᠦᠯᠬᠦ᠂ ᠠᠮᠢᠳᠤᠯᠢᠭ ᠨᠣᠭᠤᠭᠠᠷᠠᠭᠤᠯᠬᠤ︾ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ︽ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠰᠲ᠋ᠧᠮ ᠤᠨ ᠦᠵᠡᠯᠲᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠪᠦᠬᠦ | ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠤᠢ ᠰᠢᠭᠤᠢ | ᠡᠪᠡᠰᠦ ᠪᠡᠯᠴᠢᠭᠡᠷ ᠤᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠬᠠᠮᠠᠭᠠᠯᠠᠬᠤ ᠪᠣᠯ ᠳᠠᠷᠤᠢ ᠬᠥᠭᠵᠢᠭᠦᠯᠬᠦ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠦᠷᠭᠦᠯᠵᠢᠯᠡᠨ ᠭᠦᠨᠵᠡᠭᠡᠢ | ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠬᠤ ᠬᠡᠷᠡᠭᠲᠡᠢ᠃ | | | | |