ᠵᠢᠥ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ 2024 ᠣᠨ ᠤ ᠠᠮᠤ ᠲᠣᠰᠣ ᠬᠡᠪᠴᠢᠶᠡᠵᠢᠭᠦᠯᠦᠨ ᠳᠠᠷᠢᠬᠤ ᠭᠤᠤᠯ ᠴᠣᠭᠴᠠ ᠶᠢᠨ ᠲᠠᠩ ᠭᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠪᠠᠯᠠ ᠮᠥᠩᠭᠦ ᠶᠢ ᠢᠯᠡ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/11/21
    ︽2024 ᠣᠨ ᠳᠤ ᠵᠢᠥ ᠶᠤᠸᠠᠨ ᠲᠣᠭᠤᠷᠢᠭ ᠤᠨ ᠠᠮᠤ ᠲᠣᠰᠣ ᠶᠢᠨ ᠬᠡᠪᠴᠢᠶᠡᠵᠢᠭᠦᠯᠦᠨ ᠳᠠᠷᠢᠬᠤ ᠭᠤᠤᠯ ᠴᠣᠭᠴᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠢ ᠳᠠᠷᠤᠮᠠᠯᠯᠠᠨ ᠶᠠᠪᠤᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠮᠤ ᠲᠣᠰᠣ ᠶᠢ ᠬᠡᠪᠴᠢᠶᠡᠵᠢᠭᠦᠯᠦᠨ ᠳᠠᠷᠢᠬᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠥᠪᠯᠡᠷᠡᠨ ᠵᠠᠯᠭᠠᠯᠳᠤᠭᠰᠠᠨ ᠭᠠᠵᠠᠷ ᠢ 200 ᠮᠥ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠮᠥ ᠪᠦᠷᠢ ᠶᠢᠨ ᠨᠥᠬᠦᠪᠥᠷᠢ ᠶᠢ 200 ᠲᠥᠭᠦᠷᠢᠭ / ᠮᠥ ᠠᠴᠠ ᠬᠡᠲᠦᠷᠡᠭᠦᠯᠵᠦ ᠪᠣᠯᠬᠤ ᠥᠬᠡᠶ᠂ ᠲᠠᠩ ᠭᠠᠭᠴᠠ ᠭᠤᠤᠯ ᠴᠣᠭᠴᠠ ᠶᠢᠨ ᠱᠠᠩᠨᠠᠯ ᠤᠨ ᠪᠠᠯᠠ ᠮᠥᠩᠭᠦ ᠶᠢ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢᠨ ᠳᠠᠷᠢᠬᠤ ᠲᠠᠯᠠᠪᠠᠶ᠂ ᠲᠠᠯᠠᠪᠠᠶ ᠨᠢᠭᠡᠴᠢ ᠶᠢᠨ ᠤᠨᠠᠯᠲᠠ ᠶᠢᠨ ᠬᠠᠷᠠᠯᠲᠠ ᠂ ᠵᠠᠩᠭᠢᠯᠠᠭ᠎ᠠ ᠶᠢᠨ ᠮᠡᠷᠭᠡᠵᠢᠯ ᠵᠡᠷᠭᠡ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠵᠦ ᠰᠢᠯᠭᠠᠨ ᠠᠪᠤᠭᠰᠠᠨ ᠤ ᠳᠠᠷᠠᠭ᠎ᠠ᠂ ᠪᠤᠭᠤᠲᠤ ᠬᠤᠲᠠ ᠶᠢᠨ ᠯᠢᠦᠶ ᠵᠢᠤᠢ ᠷᠧᠨ ᠳᠠᠷᠢᠵᠤ ᠲᠡᠵᠢᠭᠡᠬᠦ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠪᠤᠭᠤᠲᠤ ᠬᠤᠲᠠ ᠶᠢᠨ ᠠᠭᠠᠷᠤᠳᠠᠢ ᠰᠤᠮᠤ ᠶᠢᠨ ᠤᠯᠠᠭᠠᠨᠵᠢ ᠲᠠᠪᠤᠨ ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ᠂ ᠬᠤᠤ ᠴᠠᠩ ᠴᠢᠩ᠂ ᠢᠦᠶ ᠰᠢᠶᠤᠤ ᠬᠤ᠋ ᠵᠡᠷᠭᠡ 28 ᠡᠷᠦᠬᠡ ᠲᠠᠷᠢᠮᠠᠯ ᠤᠨ ᠭᠤᠤᠯ ᠴᠣᠭᠴᠠ ᠨᠢ 2024 ᠣᠨ ᠤ ᠠᠮᠤ ᠲᠣᠰᠣ ᠶᠢ ᠬᠡᠪᠴᠢᠶᠡᠵᠢᠭᠦᠯᠦᠨ ᠳᠠᠷᠢᠬᠤ ᠭᠤᠤᠯ ᠴᠣᠭᠴᠠ ᠶᠢᠨ ᠲᠠᠩ ᠭᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠱᠠᠭᠠᠷᠳᠠᠯᠭ᠎ᠠ ᠳᠤ ᠨᠡᠶᠢᠴᠡᠵᠦ᠂ 300 ᠲᠦᠮᠡᠨ ᠲᠥᠭᠦᠷᠢᠭ ᠤᠨ ᠪᠠᠯᠠ ᠮᠥᠩᠭᠦ ᠰᠠᠯᠭᠠᠨ ᠥᠭᠬᠦ ᠪᠠᠷ ᠲᠥᠯᠥᠪᠯᠡᠵᠦ᠂ ᠣᠲᠣ ᠢᠯᠡ ᠨᠡᠶᠢᠲᠡᠯᠡᠪᠡ᠃    ᠵᠠᠷᠯᠠᠨ ᠨᠡᠶᠢᠲᠡᠯᠡᠬᠦ ᠬᠤᠭᠤᠴᠠᠭ᠎ᠠ᠄ 2024 ᠣᠨ ᠤ 11 ᠰᠠᠷ᠎ᠠ ᠶᠢᠨ 21 ᠤ ᠡᠳᠦᠷ ᠠᠴᠠ 2024 ᠣᠨ ᠤ 11 ᠰᠠᠷ᠎ᠠ ᠶᠢᠨ 29 ᠤ ᠡᠳᠦᠷ ︵ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠤᠨ᠎ᠠ᠃  ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 2᠄ 30 - 5᠄ 30︶᠂ ᠵᠠᠷᠯᠠᠨ ᠨᠡᠶᠢᠲᠡᠯᠡᠬᠦ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ ᠰᠠᠨᠠᠯ ᠳᠤᠷᠠᠳᠴᠤ᠂ ᠵᠢᠥ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠲᠠᠰᠤᠭ ᠲᠤ ᠬᠠᠷᠢᠭᠤ ᠲᠤᠰᠬᠠᠬᠤ ᠬᠡᠷᠡᠭᠲᠡᠶ᠃    ᠬᠠᠷᠢᠯᠴᠠᠬᠤ ᠤᠲᠠᠰᠤ᠄ 0472 - 6887361    ᠬᠢᠨᠠᠯᠲᠠ ᠲᠠᠯᠪᠢᠬᠤ ᠤᠲᠠᠰᠤ᠄ 12317    ᠬᠠᠷᠢᠯᠴᠠᠬᠤ ᠬᠥᠮᠦᠨ᠄ ᠷᠧᠨ ᠹᠧᠩ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号