ᠰᠢ ᠶᠢᠨ ᠫᠢᠩ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/27
    ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 26 ᠤ ᠴᠠᠭᠢᠯᠭᠠᠨ ᠮᠡᠳᠡᠭᠡ 11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃
1111.jpg
      11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠨ ᠳᠣᠲᠣᠷ᠎ᠠ ᠰᠠᠮᠤᠶᠠ ᠪᠣᠯ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠪᠦᠯᠦᠭ ᠤᠯᠤᠰ ᠤᠨ ᠨᠢᠭᠡ ᠪᠣᠯᠣᠨ᠎ᠠ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠰᠢᠬᠠᠮ ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠪᠠᠲᠤᠯᠠᠵᠤ᠂ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠭᠰᠡᠭᠡᠷ ᠢᠷᠡᠵᠠᠢ᠃ ᠳᠤᠮᠳᠠᠳᠤ ᠤᠯᠤᠰ ᠲᠣᠮᠣ ᠤᠯᠤᠰ ᠵᠢᠵᠢᠭ ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ᠂ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠶᠢ ᠪᠡᠶᠡᠯᠡᠭᠦᠯᠬᠦ ᠡᠷᠬᠡ ᠲᠠᠢ ᠭᠡᠳᠡᠭ ᠢ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠰᠠᠮᠤᠶᠠ ᠶᠢᠨ ᠬᠢᠨ ᠤ ᠲᠤᠰ ᠤᠯᠤᠰ ᠤᠨ ᠢᠶᠠᠨ ᠡᠷᠬᠡ ᠮᠡᠳᠡᠯ ᠪᠣᠯᠣᠨ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠨ ᠰᠦᠪᠡᠭᠴᠢᠯᠡᠬᠦ ᠶᠢ ᠡᠷᠡᠰ ᠲᠡᠮᠵᠢᠵᠥ᠂ ᠳᠤᠷᠠᠲᠠᠶ᠎ᠠ ᠰᠠᠮᠤᠶᠠ ᠶᠢᠨ ᠬᠢᠨ ᠲᠠᠢ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠬᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠪᠠ ᠬᠥᠭᠵᠢᠯᠲᠡ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠰᠠᠮᠤᠶᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠳᠡᠮᠵᠢᠯᠭᠡ ᠬᠠᠩᠭᠠᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠲᠠᠷᠢᠶᠠᠯᠠᠩ ᠵᠢᠭᠠᠰᠤᠨ ᠤ ᠦᠢᠯᠡᠰ ᠵᠡᠷᠭᠡ ᠬᠦᠷᠢᠶᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠶᠢ ᠠᠬᠢᠭᠤᠯᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠠᠮᠤᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ︽ᠳᠥᠷᠪᠡ ᠶᠢ ᠭᠦᠢᠴᠡᠳ ᠬᠦᠨᠳᠦᠳᠬᠡᠬᠦ︾ ᠵᠠᠷᠴᠢᠮ ᠢ ᠪᠠᠷᠢᠮᠲᠠᠯᠠᠵᠤ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ᠂ ᠠᠯᠪᠠᠳᠠᠯᠭ᠎ᠠ ᠪᠠᠷ ᠲᠤᠯᠭᠠᠬᠤ ᠦᠭᠡᠢ᠂ ︽ᠬᠤᠭᠤᠰᠤᠨ ᠠᠮᠠᠯᠠᠯᠲᠠ︾ ᠬᠢᠬᠦ ᠦᠭᠡᠢ᠃ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠲᠤ ᠠᠪᠬᠤ ᠳᠤᠮᠳᠠᠳᠤ ᠤᠯᠤᠰ ᠤᠨ ᠲᠦᠷᠦ ᠶᠢᠨ ᠪᠣᠳᠣᠯᠭ᠎ᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠠᠮᠢᠨᠴᠢᠷ ᠰᠠᠨᠠᠭ᠎ᠠ ᠦᠭᠡᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ᠂ ᠭᠠᠵᠠᠷ ᠣᠷᠣᠨ ᠤ ᠪᠤᠯᠢᠶᠠᠯᠳᠤᠭᠠᠨ ᠪᠠ ᠡᠷᠬᠡᠰᠢᠶᠡᠯ ᠤᠨ ᠬᠦᠷᠢᠶ᠎ᠡ ᠬᠡᠪᠴᠢᠶ᠎ᠡ ᠭᠠᠷᠭᠠᠬᠤ ᠦᠭᠡᠢ᠃ ᠳᠤᠮᠳᠠᠳᠤ ᠤᠯᠤᠰ ᠳᠤᠷᠠᠲᠠᠶ᠎ᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠢ ᠬᠠᠪᠰᠤᠷᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠶᠢ ᠤᠷᠢᠳ ᠢᠶᠠᠷ ᠬᠠᠮᠲᠤᠷᠠᠯᠴᠠᠬᠤ ᠬᠦᠷᠢᠶ᠎ᠡ ᠪᠤᠯᠭᠠᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠢ ᠪᠦᠭᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠵᠤ᠂ ᠬᠠᠮᠲᠤ ᠶᠢᠨ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠬᠠᠮᠠᠭᠠᠯᠠᠵᠤ᠂ ᠲᠥᠪ ᠭᠤᠣᠯᠴᠢ ᠰᠢᠳᠤᠷᠭᠤ ᠶᠣᠰᠣ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃
22222.jpg  
      11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠶᠠᠩ ᠰᠡᠭᠦᠳᠡᠷᠯᠡᠪᠡ    ᠹᠢᠶᠠᠮᠸᠢ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠥᠯᠢᠭᠡᠷ ᠳᠠᠭᠤᠷᠢᠶᠠᠯ ᠪᠣᠯᠪᠠ᠂ ᠰᠠᠮᠤᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠪᠣᠬᠢᠷᠳᠤᠯ ᠦᠭᠡᠢ ᠬᠥᠭᠵᠢᠯᠲᠡ ᠵᠡᠷᠭᠡ ᠲᠥᠷᠥ ᠶᠢ ᠵᠠᠰᠠᠵᠤ ᠵᠠᠰᠠᠭ ᠢ ᠡᠷᠭᠢᠯᠡᠭᠦ ᠬᠤᠯᠪᠣᠭᠳᠠᠯ ᠪᠦᠬᠦᠢ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠨ᠎ᠠ᠃ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠰᠠᠮᠤᠶᠠ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠰᠠᠮᠤᠶᠠ ᠶᠢᠨ ᠬᠢᠨ ᠳᠤᠮᠳᠠᠳᠤ ᠤᠯᠤᠰ ᠤᠨ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠥᠯᠥ ᠲᠦᠷᠦᠭᠦ ᠵᠠᠷᠴᠢᠮ ᠢ ᠪᠠᠷᠢᠮᠲᠠᠯᠠᠵᠤ᠂ ᠨᠣᠮᠣᠬᠠᠨ ᠲᠡᠯᠡᠶ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠡᠭᠡᠨ ᠶᠠᠮᠠᠷ ᠴᠤ ᠤᠯᠤᠰ ᠲᠥᠷᠥ ᠶᠢᠨ ᠨᠥᠬᠦᠴᠡᠯ ᠳᠠᠭᠠᠯᠳᠤᠭᠤᠯᠬᠤ ᠦᠭᠡᠢ᠂ ᠶᠡᠷᠦ ᠠᠴᠠ ᠬᠡᠯᠡᠭᠰᠡᠨ ᠦᠭᠡᠨ ᠳᠡᠭᠡᠨ ᠰᠠᠭᠤᠵᠤ᠂ ᠬᠡᠯᠡᠭᠰᠡᠨ ᠳᠡᠭᠡᠨ ᠭᠦᠷᠳᠡᠭ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠰᠠᠮᠤᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠨ᠎ᠠ᠃ ᠰᠠᠮᠤᠶᠠ ᠶᠢᠨ ᠬᠢᠨ ᠳᠤᠮᠳᠠᠳᠤ ᠤᠯᠤᠰ ᠢ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠢᠶᠠᠨ ᠪᠤᠯᠭᠠᠵᠤ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠠᠭᠤᠯᠵᠠᠯᠲᠠ ᠶᠢᠨ ᠳᠠᠷᠠᠭ᠎ᠠ᠂ ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠮᠤᠶᠠ ᠲᠤᠰᠠᠭᠠᠷ ᠲᠣᠭᠲᠠᠨᠢᠭᠰᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠨᠡᠶᠢᠲᠡᠯᠡᠪᠡ᠃    ᠸᠠᠩ ᠢ ᠠᠭᠤᠯᠵᠠᠯᠲᠠ ᠳᠤ ᠣᠷᠣᠯᠴᠠᠵᠠᠢ᠃   
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号