ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠪᠣᠳᠠᠲᠤ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠦᠨᠳᠦᠰᠦᠨ ᠱᠠᠲᠤᠨ ᠤ ᠥᠷᠲᠡᠭᠡ ᠭᠠᠵᠠᠷ ᠤᠨ | ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠥᠯᠭᠢᠨ ᠠᠬᠢᠭᠤᠯᠵᠤ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ 2024 ᠣᠨ ᠤ ᠬᠤᠷᠢᠨᠭᠡᠷ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠯᠭᠠᠰᠤᠨ ᠳᠤ ᠰᠠᠭᠤᠭ᠎ᠠ ᠥᠷᠲᠡᠭᠡ | ᠭᠠᠵᠠᠷ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠬᠤᠷᠠᠯ ᠡᠷᠭᠢᠯᠡᠵᠦ᠂ ᠪᠥᠬᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠯᠭᠠᠰᠤᠨ ᠳᠤ ᠰᠠᠭᠤᠭ᠎ᠠ ᠥᠷᠲᠡᠭᠡ ᠭᠠᠵᠠᠷ ᠤᠨ | ᠬᠠᠷᠢᠭᠤᠴᠠᠯᠭᠠᠲᠠᠨ ᠣᠷᠣᠯᠴᠠᠵᠠᠶ᠃ | ᠬᠤᠷᠠᠯ ᠠᠴᠠ ᠡᠮᠦᠨ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠷᠢᠳ ᠬᠤᠵᠢᠳ ᠬᠠᠤᠯᠢ ᠴᠠᠭᠠᠵᠠ ᠶᠢᠨ ᠭᠠᠵᠠᠷ᠂ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ | ᠢᠲᠡᠭᠡᠮᠵᠢ ᠶᠢᠨ ᠬᠤᠷᠰᠢᠶ᠎ᠠ ᠶᠢᠨ ᠳᠦᠭᠦᠮ ᠨᠠᠭᠤᠷ ᠬᠤᠪᠢᠶᠠᠷᠢ ᠬᠤᠷᠰᠢᠶ᠎ᠠ᠂ ᠬᠤᠶᠠᠳᠤᠭᠠᠷ ᠠᠷᠠᠳ ᠤᠨ ᠡᠮᠨᠡᠯᠭᠡ ᠶᠢᠨ | ᠬᠤᠷᠢᠶ᠎ᠠ᠂ ᠲᠥᠬᠦᠮ ᠮᠠᠩᠬᠠᠨ ᠬᠡᠦᠬᠡᠳ ᠤᠨ ᠴᠡᠴᠡᠷᠯᠢᠭ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠪᠠᠯᠭᠠᠰᠤᠨ ᠳᠤ ᠰᠠᠭᠤᠭ᠎ᠠ ᠡᠯ᠎ᠡ ᠠᠶᠤᠯᠭᠦᠶ | ᠦᠢᠯᠡᠳᠪᠦᠷᠢᠯᠡᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠢ ᠭᠦᠨᠵᠡᠭᠡᠶ ᠣᠶᠢᠯᠠᠭᠠᠪᠠ᠃ | ᠵᠥᠪᠯᠡᠯᠭᠡᠨ ᠤ ᠬᠤᠷᠠᠯ ᠳᠡᠭᠡᠷ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠪᠠᠶᠢᠭᠠᠯᠢ ᠶᠢᠨ | ᠡᠬᠢ ᠪᠠᠶᠠᠯᠢᠭ ᠤᠨ ᠭᠠᠵᠠᠷ᠂ ᠢᠲᠡᠭᠡᠮᠵᠢ ᠶᠢᠨ ᠬᠤᠷᠰᠢᠶ᠎ᠠ ᠶᠢᠨ ᠬᠤᠷᠢᠨᠭᠡᠷ ᠬᠤᠪᠢᠶᠠᠷᠢ ᠬᠤᠷᠰᠢᠶ᠎ᠠ᠂ ᠬᠤᠶᠠᠳᠤᠭᠠᠷ | ᠠᠷᠠᠳ ᠤᠨ ᠡᠮᠨᠡᠯᠭᠡ ᠶᠢᠨ ᠬᠤᠷᠢᠶ᠎ᠠ᠂ ᠬᠤᠷᠢᠨᠭᠡᠷ ᠳᠤᠮᠳᠠᠳᠤ ᠰᠤᠷᠭᠠᠭᠤᠯᠢ ᠵᠡᠷᠭᠡ ᠪᠠᠯᠭᠠᠰᠤᠨ ᠳᠤ ᠰᠠᠭᠤᠭ᠎ᠠ | ᠥᠷᠲᠡᠭᠡ ᠭᠠᠵᠠᠷ ᠤᠨ ᠬᠠᠷᠢᠭᠤᠴᠠᠯᠭᠠᠲᠠᠨ ᠡᠨᠡ ᠵᠢᠯ ᠠᠴᠠ ᠨᠠᠰᠢᠬᠢ ᠠᠵᠢᠯ ᠤᠨ ᠲᠣᠭᠤᠷᠢᠨ ᠳᠤ ᠬᠤᠷᠠᠯ ᠳᠤ | ᠣᠷᠣᠯᠴᠠᠭᠰᠠᠨ ᠲᠥᠯᠥᠭᠡᠯᠡᠭᠴᠢᠳ ᠲᠤ ᠲᠣᠰ ᠲᠣᠰ ᠲᠤᠰᠢᠶᠠᠯ ᠤᠨ ᠮᠡᠳᠡᠭᠦᠯᠦᠯᠲᠡ ᠬᠢᠵᠡᠶ᠃ | | | | ᠲᠥᠯᠥᠭᠡᠯᠡᠭᠴᠢᠳ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠡᠳᠦᠷ ᠳᠤᠳᠤᠮ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠲᠠᠢ ᠪᠠᠨ ᠤᠶᠠᠯᠳᠤᠭᠤᠯᠤᠨ ᠦᠨᠡᠯᠡᠭᠳᠡᠭᠰᠡᠨ ᠨᠢᠭᠡᠴᠢ ᠶᠢᠨ | ᠬᠠᠷᠢᠭᠤᠴᠠᠯᠭᠠᠲᠠᠨ ᠳᠤ ᠠᠵᠢᠯ ᠤᠨ ᠲᠤᠬᠠᠢ ᠯᠠᠪᠯᠠᠨ ᠠᠰᠠᠭᠤᠵᠤ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠨᠢᠭᠡᠳ | ᠨᠢᠭᠡ ᠪᠠᠷ ᠬᠠᠷᠢᠭᠤᠯᠲᠠ ᠥᠭᠪᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠦᠨᠡᠯᠡᠭᠳᠡᠭᠰᠡᠨ ᠨᠢᠭᠡᠴᠡ ᠶᠢᠨ | ᠡᠨᠡ ᠵᠢᠯ ᠠᠴᠠ ᠨᠠᠰᠢ ᠣᠯᠤᠭᠰᠠᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠵᠤ᠂ ᠦᠨᠡᠯᠡᠯᠲᠡ ᠳᠤ | ᠣᠷᠣᠯᠴᠠᠭᠰᠠᠨ ᠨᠢᠭᠡᠴᠡ ᠶᠢᠨ ᠠᠵᠢᠯ ᠤᠨ ᠰᠤᠷᠲᠠᠯ ᠢᠶᠠᠨ ᠬᠡᠷᠬᠢᠨ ᠤᠯᠠᠮ ᠨᠢᠭᠡ ᠠᠯᠬᠤᠮ ᠰᠠᠶᠢᠵᠢᠷᠠᠭᠤᠯᠬᠤ᠂ ᠣᠯᠠᠨ | ᠲᠦᠮᠡᠨ ᠳᠤ ᠨᠠᠭᠠᠯᠳᠤᠭᠤᠯᠬᠤ᠂ ᠦᠢᠯᠡᠴᠢᠯᠡᠭᠡ ᠪᠠᠨ ᠰᠠᠶᠢᠲᠤᠷ ᠬᠢᠬᠦ᠂ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ | ᠡᠭᠦᠳᠬᠦ ᠲᠠᠯ᠎ᠠ ᠪᠠᠷ ᠣᠨᠣᠪᠴᠢᠲᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠥᠭᠡᠳ ᠦᠨᠡᠯᠡᠭᠳᠡᠭᠰᠡᠨ ᠥᠷᠲᠡᠭᠡ | ᠭᠠᠵᠠᠷ ᠤᠨ ᠨᠢᠭᠡᠴᠡ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠵᠡᠶ᠃ ᠰᠢᠯᠭᠠᠨ ᠦᠨᠡᠯᠡᠬᠦ | ᠳᠠᠭᠤᠰᠤᠭᠰᠠᠨ ᠤ ᠲᠠᠷᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠴᠠ | 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠵᠢᠴᠢ ᠲᠣᠭᠤᠷᠢᠭ᠂ ᠪᠠᠯᠭᠠᠰᠤ | ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠰᠠᠨᠠᠭᠤᠯᠭ᠎ᠠ ᠶᠢ | ᠴᠤᠭᠯᠠᠭᠤᠯᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠯᠭᠠᠰᠤᠨ ᠳᠤ ᠰᠠᠭᠤᠭ᠎ᠠ | ᠦᠷᠳᠡᠭᠡ ᠭᠠᠵᠠᠷ ᠤᠨ ᠠᠵᠢᠯ ᠢ ᠦᠨᠡᠯᠡᠬᠦ ᠪᠣᠯ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠠᠬᠢᠭᠤᠯᠬᠤ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ | ᠠᠷᠭ᠎ᠠ ᠪᠠᠷᠢᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ᠂ ᠰᠠᠨᠠᠭᠤᠯᠭ᠎ᠠ ᠶᠢ ᠨᠠᠷᠢᠨ | ᠬᠢᠨᠠᠮᠠᠭᠠᠢ ᠴᠤᠭᠯᠠᠭᠤᠯᠤᠨ ᠡᠮᠬᠢᠯᠡᠵᠦ᠂ ᠦᠨᠡᠯᠡᠭᠳᠡᠭᠰᠡᠨ ᠨᠢᠭᠡᠴᠢ ᠶᠢᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠴᠠᠭ ᠲᠤᠨᠢ ᠲᠤᠬᠢᠷᠠᠭᠤᠯᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠰᠠᠨᠠᠯ᠂ | ᠰᠠᠨᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ | ᠠᠵᠢᠯ ᠤᠨ ᠦᠨᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | | | | |