ᠯᠦᠩ ᠢᠦᠢ ᠭᠡᠷ ᠬᠤᠷᠢᠶᠠᠯᠠᠯ ᠪᠣᠯᠤᠨ ᠬᠠᠮᠲᠤᠪᠠᠷ ᠪᠠᠶᠢᠭᠤᠯᠬᠤ ᠨᠢᠭᠡᠴᠡ ᠶᠢᠨ ᠬᠠᠷᠢᠯᠴᠠᠨ | ᠬᠠᠪᠰᠤᠷᠤᠯᠴᠠᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠠᠮᠲᠤᠪᠠᠷ ᠪᠠᠶᠢᠭᠤᠯᠬᠤ ᠨᠢᠭᠡᠴᠡ ᠪᠣᠯᠤᠨ | ᠨᠡᠶᠢᠭᠡᠮ ᠲᠣᠭᠤᠷᠢᠭ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠎ᠠ᠃ 11 ᠰᠠᠷ᠎ᠠ ᠶᠢᠨ | 27 ᠤ ᠡᠳᠦᠷ ᠤᠨ ᠦᠳᠡ ᠶᠢᠨ ᠡᠮᠦᠨ᠎ᠡ᠂ ᠯᠦᠩ ᠢᠦᠶ ᠭᠡᠷ ᠬᠤᠷᠢᠶᠠᠯᠠᠯ ᠠᠴᠠ ᠬᠠᠮᠲᠤᠪᠠᠷ ᠪᠠᠶᠢᠭᠤᠯᠬᠤ ᠨᠢᠭᠡᠴᠡ | ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠢᠥ ᠶᠤᠸᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ | ᠦᠢᠯᠡᠴᠢᠯᠡᠭᠡᠨ ᠤ ᠲᠥᠪ᠂ ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ | ᠬᠥᠭᠵᠢᠯᠲᠡ ᠶᠢᠨ ᠲᠥᠪ ᠲᠤ ᠬᠡᠮᠡᠷᠯᠢᠭ ᠲᠤᠭ ᠬᠦᠷᠭᠡᠵᠦ᠂ ᠲᠡᠳᠡᠨ ᠤ ᠭᠡᠷ ᠬᠤᠷᠢᠶᠠᠯᠠᠯ ᠯᠤᠭ᠎ᠠ ᠬᠠᠮᠲᠤᠪᠠᠷ | ᠪᠠᠶᠢᠭᠤᠯᠬᠤ ᠠᠵᠢᠯᠯᠠᠭ᠎ᠠ ᠳᠤ ᠭᠡᠷ ᠬᠤᠷᠢᠶᠠᠯᠠᠯ ᠬᠦᠴᠦᠲᠡᠶ ᠳᠡᠮᠵᠢᠯᠭᠡ ᠪᠠ ᠬᠠᠮᠵᠢᠯᠴᠠᠭ᠎ᠠ ᠦᠵᠡᠭᠦᠯᠦᠭᠰᠡᠨ ᠳᠤ | ᠲᠠᠯᠠᠷᠬᠠᠵᠤ ᠪᠠᠶᠢᠨ᠎ᠠ᠃ | | | | ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠭᠡᠷ ᠬᠤᠷᠢᠶᠠᠯᠠᠯ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠢᠨᠵᠧᠨᠧᠷᠢᠩ ᠢ ᠶᠡᠭᠡ ᠪᠠᠷ ᠳᠥᠯᠭᠢᠨ ᠠᠬᠢᠭᠤᠯᠤᠭᠰᠠᠭᠠᠷ ᠢᠷᠡᠵᠡᠶ᠃ ᠭᠡᠷ ᠬᠤᠷᠢᠶᠠᠯᠠᠯ ᠤᠨ ᠳᠣᠲᠣᠷᠠᠬᠢ ᠬᠡᠷ ᠤᠨ | ᠨᠠᠰᠤ ᠵᠢᠯ ᠣᠷᠳᠣ᠂ ᠪᠡᠯᠡᠳᠬᠡᠮᠵᠢ ᠬᠠᠭᠤᠴᠢᠷᠠᠵᠤ ᠪᠠᠶᠢᠭ᠎ᠠ ᠲᠦᠪᠡᠭᠲᠡᠶ ᠪᠠᠶᠢᠳᠠᠯ ᠤᠨ ᠡᠮᠦᠨ᠎ᠡ᠂ ᠭᠦᠨᠵᠡᠭᠡᠶ ᠬᠠᠶᠢᠨ | ᠪᠠᠶᠢᠴᠠᠭᠠᠵᠤ᠂ ᠨᠠᠷᠢᠨ ᠨᠢᠮᠪᠠᠶ ᠲᠥᠯᠥᠪᠵᠢᠭᠦᠯᠵᠦ᠂ ᠤᠷᠢᠳ ᠬᠤᠵᠢᠳ ᠬᠠᠭᠤᠴᠢᠨ ᠠᠰᠠᠷ ᠤᠨ ᠤᠰᠤ ᠵᠠᠯᠠᠬᠤ | ᠬᠤᠭᠤᠯᠠᠶ ᠶᠢᠨ ᠲᠣᠤᠷ ᠢ ᠰᠡᠯᠪᠢᠨ ᠵᠠᠰᠠᠵᠤ᠂ ᠣᠯᠠᠨ ᠵᠢᠯ ᠤᠨ ᠤᠰᠤ ᠬᠤᠷᠠᠭᠰᠠᠨ ᠤᠰᠤᠲᠤᠯ ᠤᠨ ᠠᠰᠠᠭᠤᠳᠠᠯ ᠢ | ᠰᠢᠢᠳᠪᠦᠷᠢᠯᠡᠪᠡ︔ ᠵᠢᠵᠢᠭ ᠲᠣᠭᠤᠷᠢᠭ ᠤᠨ ᠵᠠᠮ ᠤᠨ ᠭᠠᠳᠠᠷᠭᠤ ᠶᠢ ᠰᠢᠨ᠎ᠡ ᠪᠠᠷ ᠳᠡᠪᠢᠰᠴᠦ᠂ ᠰᠠᠭᠤᠭᠠᠯᠢ | ᠠᠷᠠᠳ ᠤᠨ ᠶᠠᠪᠤᠵᠤ ᠰᠠᠭᠤᠬᠤ ᠠᠴᠠ ᠰᠠᠯᠤᠩᠭᠢᠷᠠᠬᠤ ᠪᠣᠯᠭᠠᠪᠠ︔ ᠪᠠᠰᠠ ᠲᠡᠷᠭᠡᠨ ᠵᠣᠭᠰᠣᠭᠠᠯ᠂ ᠰᠡᠯᠡᠭᠦᠴᠡᠯ ᠤᠨ | ᠠᠭᠤᠳᠠᠮ ᠲᠠᠯᠠᠪᠠᠢ ᠶᠢ ᠨᠡᠮᠡᠨ ᠪᠠᠶᠢᠭᠤᠯᠵᠤ᠂ ᠤᠯᠠᠨ ᠨᠡᠶᠢᠲᠡ ᠶᠢᠨ ᠣᠷᠣᠨ ᠵᠠᠶ ᠶᠢ ᠠᠮᠢᠳᠤᠯᠢᠭ ᠪᠣᠯᠭᠠᠵᠤ᠂ | ᠠᠮᠢᠳᠤᠷᠠᠯ ᠤᠨ ᠳᠥᠭᠦᠮ ᠳᠥᠲᠡ ᠴᠢᠨᠠᠷ ᠪᠠ ᠲᠠᠭᠠᠯᠠᠮᠵᠢᠲᠠᠶ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ | ᠰᠢᠩ ᠱᠧᠩ ᠵᠡᠭᠦᠨ ᠵᠠᠮ ᠤᠨ ᠰᠢᠳᠦ ᠪᠠᠭᠠᠰᠴᠤ᠂ ᠰᠠᠭᠤᠷᠢ ᠳᠡᠯᠭᠡᠭᠦᠷ ᠤᠨ ᠰᠠᠭᠤᠭᠠᠯᠢ ᠠᠷᠠᠳ ᠤᠨ ᠡᠯ᠎ᠡ | ᠵᠦᠢᠯ ᠤᠨ ᠳᠤᠷ᠎ᠠ ᠦᠭᠡᠶᠢᠴᠡᠬᠦ ᠪᠠᠶᠢᠳᠠᠯ ᠵᠡᠷᠭᠡ ᠶᠢ ᠨᠥᠯᠥᠭᠡᠯᠡᠵᠦ᠂ ᠵᠢᠦ ᠶᠤᠸᠠᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠢ ᠣᠶᠢᠯᠠᠭᠠᠭᠰᠠᠨ ᠤ ᠳᠠᠷᠠᠭ᠎ᠠ᠂ | ᠲᠤᠰᠬᠠᠶ ᠮᠡᠷᠭᠡᠵᠢᠯ ᠤᠨ ᠪᠦᠯᠬᠦᠮ ᠢ ᠰᠣᠩᠭᠤᠨ ᠲᠣᠮᠢᠯᠠᠵᠤ ᠭᠡᠷ ᠬᠤᠷᠢᠶᠠᠯᠠᠯ ᠣᠯᠠᠨ ᠤᠳᠠᠭ᠎ᠠ ᠭᠦᠨᠵᠡᠭᠡᠶᠢᠷᠡᠨ | ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠵᠠᠮ ᠤᠨ ᠪᠠᠶᠢᠳᠠᠯ ᠢ ᠨᠠᠷᠢᠯᠢᠭ ᠣᠨᠣᠴᠠᠲᠠᠶ ᠪᠠᠷ ᠬᠡᠮᠵᠢᠵᠦ᠂ | ᠨᠠᠷᠢᠨ ᠨᠢᠮᠪᠠᠶ ᠦᠨᠡᠯᠡᠨ ᠵᠢᠱᠢᠪᠡ᠃ ᠲᠤᠷᠰᠢᠯᠭ᠎ᠠ ᠪᠠ ᠲᠤᠰᠬᠠᠶ ᠮᠡᠷᠭᠡᠵᠢᠯ ᠳᠡᠭᠡᠨ ᠲᠦᠰᠢᠭᠯᠡᠨ᠂ ᠵᠠᠮ ᠵᠠᠰᠠᠬᠤ | ᠲᠥᠰᠦᠯ ᠢ ᠨᠠᠷᠢᠨ ᠨᠢᠮᠪᠠᠶ ᠲᠥᠯᠥᠪᠵᠢᠭᠦᠯᠵᠦ᠂ ᠮᠠᠲ᠋ᠧᠷᠢᠶᠠᠯ ᠢ ᠵᠦᠶ ᠵᠣᠬᠢᠰᠲᠠᠶ ᠰᠣᠩᠭᠤᠨ᠂ ᠪᠠᠷᠢᠯᠭ᠎ᠠ ᠶᠢᠨ | ᠬᠤᠭᠤᠴᠠᠭ᠎ᠠ ᠶᠢ ᠡᠵᠡᠮᠳᠡᠵᠦ᠂ ᠶᠠᠰᠤ ᠴᠢᠨᠠᠷ ᠤᠨ ᠪᠠᠷᠢᠮᠵᠢᠶ᠎ᠠ ᠶᠢ ᠴᠢᠩᠭ᠎ᠠ ᠰᠠᠬᠢᠵᠤ᠂ ᠴᠠᠭ ᠨᠡᠮᠡᠵᠦ ᠠᠵᠢᠯᠯᠠᠨ | ᠢᠨᠵᠧᠨᠧᠷᠢᠩ ᠢ ᠠᠬᠢᠭᠤᠯᠵᠤ᠂ ᠤᠤᠯ ᠤᠨ ᠡᠪᠳᠡᠭᠳᠡᠭᠰᠡᠨ ᠵᠠᠮ ᠢ ᠴᠣ ᠰᠢᠨ᠎ᠡ ᠪᠣᠯᠭᠠᠵᠤ᠂ ᠴᠡᠪᠡᠷ ᠴᠡᠮᠴᠡᠭᠡᠷ᠂ ᠤᠰᠤ | ᠵᠠᠯᠠᠬᠤ ᠶᠢ ᠰᠠᠭᠠᠳ ᠥᠬᠡᠶ ᠪᠣᠯᠭᠠᠨ᠎ᠠ᠃ | ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ | ᠲᠥᠪ ᠨᠢ ᠯᠦᠩ ᠶᠤᠸᠠᠨ A ᠲᠣᠭᠤᠷᠢᠭ ᠤᠨ ᠳᠤᠯᠠᠭᠠᠨ ᠪᠦᠯᠢᠶᠡᠨ ᠢᠨᠵᠧᠨᠧᠷᠢᠩ ᠤᠨ ᠶᠠᠰᠤ ᠴᠢᠨᠠᠷ ᠤᠨ ᠠᠮᠤᠷ | ᠲᠦᠪᠰᠢᠨ ᠢ ᠡᠵᠡᠮᠳᠡᠬᠦ ᠲᠠᠯ᠎ᠠ ᠪᠠᠷ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠲᠤᠰᠬᠠᠶ ᠮᠡᠷᠭᠡᠵᠢᠯ ᠤᠨ ᠠᠵᠢᠯᠲᠠᠨ ᠢ ᠳᠣᠭᠢᠷᠠᠭᠤᠯᠤᠨ ᠭᠡᠷ ᠬᠤᠷᠢᠶᠠᠯᠠᠯ ᠤᠨ ᠲᠤᠤᠷᠵᠢᠭᠤᠯᠤᠭᠰᠠᠨ ᠬᠠᠮᠢᠶᠠᠷᠤᠯᠲᠠ ᠶᠢᠨ | ᠠᠵᠢᠯᠲᠠᠨ ᠢ ᠵᠢᠭᠰᠠᠭᠠᠨ ᠪᠠᠶᠢᠴᠠᠭᠠᠬᠤ ᠶᠢᠨ ᠬᠠᠮᠲᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠲᠤᠬᠠᠶ ᠶᠢᠨ ᠲᠠᠯᠠᠪᠠᠶ ᠶᠢ ᠥᠭᠡᠷᠡᠴᠢᠯᠡᠬᠦ ᠲᠥᠰᠦᠯ ᠢ ᠦᠨᠳᠦᠰᠦᠯᠡᠨ᠂ ᠰᠠᠭᠤᠭᠠᠯᠢ ᠠᠷᠠᠳ ᠤᠨ | ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠪᠠᠷ ᠬᠠᠩᠭᠠᠵᠤ᠂ ᠢᠯᠠᠩᠭᠤᠶ᠎ᠠ ᠣᠨᠴᠠᠭᠠᠶ ᠴᠠᠭ ᠠᠭᠤᠷ ᠤᠨ ᠡᠮᠦᠨ᠎ᠡ | ᠬᠤᠨᠤᠭ ᠲᠤ ᠲᠣᠭᠤᠷᠢᠨ ᠪᠠᠶᠢᠴᠠᠭᠠᠬᠤ ᠤᠳᠠᠭ᠎ᠠ ᠶᠢ ᠴᠢᠩᠭᠠᠳᠬᠠᠵᠤ᠂ ᠬᠤᠷᠢᠶᠠᠯᠠᠯ ᠤᠨ ᠵᠠᠮ ᠳᠡᠪᠢᠰᠴᠦ ᠥᠭᠭᠦᠭᠰᠡᠨ | ᠥᠬᠡᠶ᠂ ᠰᠠᠭᠤᠭᠠᠯᠢ ᠠᠷᠠᠳ ᠤᠨ ᠠᠮᠤᠷ ᠲᠦᠪᠰᠢᠨ ᠢ ᠴᠠᠭ ᠲᠤᠬᠠᠶ ᠳᠤᠨᠢ ᠰᠡᠯᠪᠢᠨ ᠵᠠᠰᠠᠵᠤ᠂ ᠰᠠᠭᠤᠭᠠᠯᠢ | ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠪᠠ᠃ | | | | ᠲᠣᠰ ᠤᠳᠠᠭ᠎ᠠ ᠲᠤᠭ ᠪᠡᠯᠡᠭᠯᠡᠬᠦ ᠨᠢ ᠡᠯ᠎ᠡ ᠨᠢᠭᠡᠴᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠮᠡᠳᠡᠷᠡᠵᠦ | ᠪᠠᠶᠢᠬᠤ ᠪᠠᠷ ᠪᠠᠷᠠᠬᠤ ᠥᠬᠡᠶ᠂ ᠨᠠᠩ ᠴᠤ ᠭᠡᠷ ᠬᠤᠷᠢᠶᠠᠯᠠᠯ ᠪᠣᠯᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ | ᠭᠠᠷ ᠬᠤᠯᠪᠣᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠭᠦᠨ ᠵᠤᠵᠠᠭᠠᠨ | ᠨᠥᠬᠦᠷᠯᠡᠯ ᠢ ᠢᠯᠡᠷᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠨ᠂ ᠭᠡᠷ | ᠬᠤᠷᠢᠶᠠᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ᠃ | | | | |