ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠳᠠᠪᠠᠭᠤᠯᠢᠭ ᠲᠤᠰᠬᠠᠶ ᠮᠡᠷᠭᠡᠵᠢᠯ ᠤᠨ ᠲᠤᠬᠠᠶ ᠶᠢᠨ ᠲᠠᠯᠠᠪᠤᠷ ᠤᠨ ᠰᠢᠯᠭᠠᠷᠠᠭᠤᠯᠤᠯᠲᠠ ᠶᠢ ᠤᠭᠲᠤᠪᠠ
ᠨᠡᠶᠢᠲᠡᠯᠡᠭᠰᠡᠨ ᠴᠠᠭ᠄
2024/11/29
    11 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠦᠬᠡ ᠨᠠᠷ 5 ᠲᠤᠰᠬᠠᠢ ᠮᠡᠷᠭᠡᠵᠢᠯᠲᠡᠨ ᠪᠤᠭᠤᠲᠤ ᠬᠤᠳᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠳᠠᠪᠠᠭᠤᠯᠢᠭ ᠲᠤᠰᠬᠠᠢ ᠮᠡᠷᠭᠡᠵᠢᠯ ᠤᠨ ᠲᠤᠬᠠᠢ ᠶᠢᠨ ᠲᠠᠯᠠᠪᠠᠢ ᠶᠢᠨ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃ ᠵᠢᠥ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠯᠢ ᠪᠠᠷ᠎ᠠ ᠪᠣᠯᠪᠠ᠃ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ ᠢᠦᠶ ᠶᠠᠩ ᠶᠠ ᠰᠢᠨ᠂ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠰᠢ ᠺᠠᠶ᠂ ᠳᠡᠳ᠋ ᠬᠤᠷᠢᠶᠠᠨ ᠳᠠᠷᠤᠭ᠎ᠠ ᠭᠦᠸᠧ ᠷᠦᠢ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠳᠠᠪᠠᠭᠤᠯᠢᠭ ᠲᠤᠰᠬᠠᠶ ᠮᠡᠷᠭᠡᠵᠢᠯ ᠤᠨ ᠬᠠᠷᠢᠭᠤᠴᠠᠯᠭᠠᠲᠠᠨ ᠵᠢᠴᠢ ᠰᠠᠯᠠᠭ᠎ᠠ ᠲᠠᠰᠤᠭ ᠤᠨ ᠭᠤᠤᠯᠯᠠᠭᠴᠢ ᠬᠦᠴᠦᠨ ᠲᠤᠬᠠᠶ ᠶᠢᠨ ᠲᠠᠯᠠᠪᠠᠶ ᠶᠢᠨ ᠬᠢᠨᠠᠨ ᠲᠣᠭᠲᠠᠭᠠᠬᠤ ᠠᠵᠢᠯ ᠳᠤ ᠣᠷᠣᠯᠴᠠᠪᠠ᠃
111111.jpg
    ᠲᠤᠰᠬᠠᠢ ᠮᠡᠷᠭᠡᠵᠢᠯᠲᠡᠨ ᠤ ᠳᠤᠭᠤᠶᠢᠯᠠᠩ ᠤᠷᠢᠳ ᠬᠤᠵᠢᠳ ᠡᠮᠨᠡᠯᠭᠡ ᠶᠢᠨ ᠬᠤᠷᠢᠶᠠᠨ ᠤ ᠶᠡᠭᠡ ᠲᠢᠩᠬᠢᠮ᠂ ᠬᠢᠲᠠᠳ ᠡᠮᠨᠡᠯᠭᠡ ᠶᠢᠨ ᠡᠭᠦᠳᠡᠨ ᠡᠮᠨᠡᠯᠭᠡ᠂ ᠡᠷᠡᠭᠦᠯᠵᠢᠯ ᠤᠨ ᠰᠠᠯᠠᠭᠠᠨ ᠤ ᠡᠮᠨᠡᠯᠭᠡ ᠳᠤ ᠰᠠᠭᠤᠬᠤ ᠬᠡᠯᠲᠡᠰ ᠲᠤ ᠬᠦᠷᠪᠡ᠃ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ ᠢᠦᠶ ᠶᠠᠩ ᠶᠠ ᠰᠢᠨ ᠡᠮᠨᠡᠯᠭᠡ ᠶᠢᠨ ᠬᠤᠷᠢᠶᠠᠨ ᠤ ᠦᠨᠳᠦᠰᠦᠨ ᠪᠠᠶᠢᠳᠠᠯ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠪᠠᠶᠢᠳᠠᠯ᠂ ᠬᠢᠲᠠᠳ ︵ᠮᠣᠩᠭᠤᠯ︶ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠬᠦ ᠠᠵᠢᠯ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠪᠠ᠃ ᠰᠢᠯᠭᠠᠷᠠᠭᠤᠯᠤᠯᠲᠠ ᠳᠤ᠂ ᠲᠤᠰᠬᠠᠶ ᠮᠡᠷᠭᠡᠵᠢᠯᠲᠡᠳ ᠮᠠᠲ᠋ᠧᠷᠢᠶᠠᠯ ᠢ ᠤᠷᠪᠠᠭᠤᠯᠤᠨ ᠦᠵᠡᠬᠦ᠂ ᠡᠪᠡᠳᠴᠢᠨ ᠤ ᠵᠢᠱᠢᠶ᠎ᠡ ᠶᠢ ᠰᠤᠭᠤᠴᠢᠨ ᠪᠠᠶᠢᠴᠠᠭᠠᠬᠤ᠂ ᠲᠤᠬᠠᠶ ᠶᠢᠨ ᠲᠠᠯᠠᠪᠤᠷ ᠤᠨ ᠠᠰᠠᠭᠤᠯᠲᠠ ᠬᠠᠷᠢᠭᠤᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠨᠡᠯᠭᠡ ᠶᠢᠨ ᠬᠤᠷᠢᠶᠠᠨ ᠤ ᠲᠤᠰᠬᠠᠶ ᠡᠮᠴᠢᠯᠡᠭᠡᠨ ᠤ ᠶᠠᠰᠤ ᠴᠢᠨᠠᠷ᠂ ᠮᠡᠷᠭᠡᠵᠢᠯ ᠤᠨ ᠬᠢᠷᠢ ᠲᠦᠪᠰᠢᠨ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ᠂ ᠬᠠᠮᠢᠶᠠᠷᠤᠯᠲᠠ ᠶᠢᠨ ᠵᠢᠷᠤᠮᠵᠢᠯ ᠵᠡᠷᠭᠡ ᠳᠤ ᠪᠥᠬᠦ ᠲᠠᠯ᠎ᠠ ᠶᠢᠨ ᠪᠥᠭᠡᠳ ᠭᠦᠨᠵᠡᠭᠡᠶ ᠦᠨᠡᠯᠡᠯᠲᠡ ᠬᠢᠵᠡᠶ᠃    ᠮᠠᠲ᠋ᠧᠷᠢᠶᠠᠯ ᠢ ᠬᠢᠨᠠᠨ ᠦᠵᠡᠬᠦ ᠠᠵᠢᠯ ᠳᠠᠭᠤᠰᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠡᠷᠡᠭᠦᠯᠵᠢᠯ ᠤᠨ ᠰᠠᠯᠠᠭᠠᠨ ᠤ ᠡᠪᠡᠳᠴᠢᠨ ᠤ ᠲᠣᠭᠤᠷᠢᠭ ᠤᠨ ᠬᠠᠮᠢᠶᠠᠷᠤᠯᠲᠠ ᠶᠢᠨ ᠪᠠᠶᠢᠳᠠᠯ ᠵᠢᠴᠢ ᠣᠨᠣᠰᠢᠯᠠᠨ ᠡᠮᠨᠡᠬᠦ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠪᠠᠰᠠ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠢᠭᠠᠨ ᠭᠠᠷᠭᠠᠵᠤ᠂ ᠰᠠᠯᠠᠭ᠎ᠠ ᠲᠠᠰᠤᠭ ᠤᠨ ᠤᠯᠠᠮ ᠨᠢᠭᠡ ᠠᠯᠬᠤᠮ ᠪᠠᠶᠢᠭᠤᠯᠤᠯᠲᠠ ᠳᠤ ᠡᠷᠬᠢᠮ ᠨᠠᠨᠳᠢᠨ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃
2222222.jpg
    ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠶ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠨᠢ ᠲᠤᠰᠬᠠᠶ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠪᠣᠯᠤᠨ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠭᠡᠨ ᠤ ᠰᠠᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠶ ᠡᠮᠨᠡᠯᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠰᠢ᠂ ᠡᠮᠨᠡᠯᠭᠡ ᠶᠢᠨ ᠬᠤᠷᠢᠶ᠎ᠠ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠬᠢᠨᠠᠮᠠᠭᠠᠶ ᠨᠠᠶᠢᠳᠠᠪᠤᠷᠢᠵᠢᠭᠤᠯᠤᠨ᠂ ᠡᠬᠢ ᠪᠠᠶᠠᠯᠢᠭ ᠢ ᠲᠥᠪᠯᠡᠷᠡᠭᠦᠯᠦᠨ ᠳᠠᠪᠠᠭᠤᠯᠢᠭ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢ ᠠᠬᠢᠭᠤᠯᠪᠠ᠃ ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠰᠢᠯᠭᠠᠷᠠᠭᠤᠯᠤᠯᠲᠠ ᠨᠢ ᠡᠮᠨᠡᠯᠭᠡ ᠶᠢᠨ ᠬᠤᠷᠢᠶᠠᠨ ᠤ ᠳᠠᠪᠠᠭᠤᠯᠢᠭ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠤᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠰᠢᠨᠵᠢᠯᠡᠭᠡᠨ ᠤ ᠪᠠᠶᠢᠭᠤᠯᠤᠯᠲᠠ ᠶᠢᠨ ᠴᠢᠬᠤᠯᠠ ᠠᠵᠠ ᠲᠣᠬᠢᠶᠠᠯ ᠪᠣᠯᠤᠨ᠎ᠠ᠃ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠲᠣᠰ ᠤᠳᠠᠭᠠᠨ ᠤ ᠰᠢᠯᠭᠠᠷᠠᠭᠤᠯᠤᠯᠲᠠ ᠪᠠᠷ ᠭᠠᠷᠳᠠᠴᠠ ᠪᠣᠯᠭᠠᠵᠤ᠂ ᠲᠤᠰᠬᠠᠶ ᠮᠡᠷᠭᠡᠵᠢᠯᠲᠡᠨ ᠤ ᠭᠠᠷᠭᠠᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠤᠨᠴᠠᠯᠢᠬᠳᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠢᠯᠡᠰ ᠤᠨ ᠤᠯᠠᠮᠵᠢᠯᠠᠯ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号