︽ᠭᠤᠷᠪᠠᠨ ᠳᠠᠷᠤᠭ᠎ᠠ︾ ᠶᠢᠨ ᠬᠤᠯᠪᠣᠭᠠᠯᠠᠨ ᠲᠣᠭᠤᠷᠢᠨ ᠪᠠᠶᠢᠴᠠᠭᠠᠵᠤ ︽ᠨᠠᠮᠤᠷ ᠤᠨ ᠤᠯᠠᠷᠢᠯ︾ ᠤᠨ ᠠᠵᠢᠯᠯᠠᠭ᠎ᠠ ᠪᠠᠷ ᠬᠦᠭᠡᠮᠳᠦᠭ ᠠᠭᠤᠯᠠ ᠤᠰᠤ  ᠪᠠᠨ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/11/29
    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠂ 11 ᠰᠠᠷ᠎ᠠ ᠶᠢᠨ 27 ᠤ ᠡᠳᠦᠷ᠂ ᠵᠢᠦ ᠶᠤᠸᠠᠨ ᠲᠣᠭᠤᠷᠢᠭ ᠤᠨ ᠭᠤᠣᠯ ᠤᠨ  ᠳᠠᠭᠠᠭᠠᠮᠠᠯ ᠤᠨ ᠠᠯᠪᠠᠨ ᠭᠡᠷ᠂ ᠲᠣᠭᠤᠷᠢᠭ ᠤᠨ ᠠᠷᠠᠳ ᠤᠨ ᠪᠠᠶᠢᠴᠠᠭᠠᠬᠤ  ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠪᠠᠶᠠᠨᠰᠢᠯᠢ ᠵᠡᠭᠡᠯᠢ ᠭᠤᠳᠤᠮᠵᠢ ᠵᠡᠷᠭᠡ ᠲᠠᠢ ᠬᠠᠮᠲᠤᠷᠠᠨ᠂ ᠵᠢᠦ ᠶᠤᠸᠠᠨ ᠲᠣᠭᠤᠷᠢᠭ ᠤᠨ 2024 ᠣᠨ ᠤ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠬᠠᠮᠲᠤ ᠪᠠᠷ ᠥᠷᠨᠢᠭᠦᠯᠪᠡ᠃
1111111.jpg
    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠡᠯ ᠳ᠋ᠤᠤ ᠱᠠ ᠾᠧ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠳᠡᠭᠡᠭᠰᠢᠯᠡᠭᠦᠯᠬᠦ ᠬᠥᠭᠡᠷᠭᠡ ᠶᠢᠨ ᠥᠷᠲᠡᠭᠡ᠂ ᠡᠯ ᠳ᠋ᠤᠤ ᠱᠠ ᠾᠧ ᠪᠣᠬᠢᠷ ᠤᠰᠤᠨ ᠤ ᠬᠤᠭᠤᠯᠠᠢ ᠱᠤᠭᠤᠮ ᠤᠨ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠬᠢᠴᠠ᠂ ᠪᠠᠷᠢᠯᠭ᠎ᠠ ᠳᠠᠭᠤᠰᠤᠭᠰᠠᠨ ᠤ ᠳᠠᠷᠠᠭᠠᠬᠢ ᠪᠣᠬᠢᠷ ᠤᠰᠤᠨ ᠤ ᠬᠥᠭᠡᠷᠭᠡ ᠶᠢᠨ ᠥᠷᠲᠡᠭᠡ ᠶᠢ ᠨᠤᠷᠠᠭᠠᠬᠤ᠂ ᠭᠤᠣᠯ ᠤᠨ ᠵᠠᠮ ᠢ ᠰᠡᠷᠭᠦᠭᠡᠬᠦ ᠵᠡᠷᠭᠡ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃ ᠡᠭᠦᠨ ᠤ ᠬᠠᠮᠲᠤ ᠭᠤᠣᠯᠳᠠᠯᠭ᠎ᠠ ᠲᠠᠢ ᠭᠤᠣᠯ ᠤᠨ ᠵᠠᠮ ᠤᠨ ︽ᠳᠥᠷᠪᠡᠨ ᠡᠮᠬᠢ ᠵᠠᠮᠪᠠᠷᠠᠭ᠎ᠠ ᠦᠭᠡᠢ ᠠᠰᠠᠭᠤᠳᠠᠯ︾᠂ ᠭᠤᠣᠯ ᠤᠨ ᠳᠠᠭᠠᠭᠠᠮᠠᠯ ᠤᠨ ᠢᠯᠡ ᠨᠡᠶᠢᠲᠡᠯᠡᠬᠦ ᠫᠠᠶᠢᠰᠠ᠂ ᠭᠤᠣᠯ ᠤᠨ ᠵᠠᠮ ᠤᠨ ᠣᠳᠣᠬᠢ ᠪᠠᠶᠢᠳᠠᠯ ᠳᠤ ᠪᠠᠶᠢᠴᠠᠭᠠᠯᠲᠠ ᠬᠢᠵᠦ᠂ ᠡᠯ᠎ᠡ ᠬᠠᠮᠢᠶ᠎ᠠ ᠪᠦᠬᠦᠢ ᠨᠢᠭᠡᠴᠡ ᠭᠦᠢᠴᠡᠳ ᠨᠡᠪᠲᠡᠷᠡᠯᠴᠡᠭᠡᠳ᠂ ᠬᠠᠮᠵᠢᠯᠴᠠᠬᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ  ᠭᠡᠵᠤ ᠢᠯᠡᠷᠭᠡᠶᠢᠯᠡᠪᠡ᠃    ᠲᠤᠰ ᠤᠳᠠᠭᠠᠨ ᠤ ᠠᠵᠢᠯᠯᠠᠭ᠎ᠠ ᠨᠢ ︽ᠭᠤᠣᠯ ᠮᠥᠷᠡᠨ ᠨᠠᠭᠤᠷ ᠴᠥᠭᠦᠷᠥᠮ ᠤᠨ ᠳᠠᠭᠠᠭᠠᠮᠠᠯ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠰᠠᠯᠠᠭ᠎ᠠ ᠮᠥᠴᠢᠷ ᠠᠯᠤᠰᠯᠠᠭᠰᠠᠨ᠂ ᠣᠯᠠᠨ ᠭᠤᠣᠯ ᠴᠣᠭᠴᠠ ᠶᠢᠨ ᠬᠠᠮᠵᠢᠯᠴᠠᠬᠤ ᠵᠠᠭᠪᠤᠷ ᠨᠢ ᠤᠯᠠᠮᠵᠢᠯᠠᠯᠲᠤ ᠰᠢᠰᠲ᠋ᠧᠮ ᠤᠨ ᠬᠡᠰᠡᠭᠯᠡᠨ ᠬᠤᠪᠢᠶᠠᠬᠤ  ᠪᠠᠶᠢᠳᠠᠯ ᠢ ᠡᠪᠳᠡᠵᠦ᠂ ᠡᠬᠢ ᠪᠠᠶᠠᠯᠢᠭ ᠢ  ᠨᠢᠭᠡᠳᠭᠡᠬᠦ ᠪᠠ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠬᠢᠨᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠲᠣᠣᠷ ᠢ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠴᠢᠭᠯᠡᠯ ᠢ ᠲᠣᠳᠣᠷᠬᠠᠢ ᠵᠢᠭᠠᠵᠤ᠂ ᠭᠤᠣᠯ ᠤᠨ ᠵᠠᠮ ᠢ ᠵᠠᠰᠠᠬᠤ ᠴᠢᠳᠠᠪᠤᠷᠢ ᠪᠠ ᠵᠠᠰᠠᠬᠤ  ᠬᠢᠷᠢ ᠲᠦᠪᠰᠢᠨ ᠢ ᠳᠡᠭᠡᠭᠰᠢᠯᠡᠭᠦᠯᠪᠡ᠃
2222222.jpg
    ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠣᠳᠣᠬᠠᠨ ᠳᠤ᠂ ᠵᠠᠷᠢᠮ ᠭᠠᠵᠠᠷ ᠣᠷᠣᠨ ᠳᠤ ᠮᠥᠨ ᠬᠦ ︽ᠳᠥᠷᠪᠡᠨ ᠡᠮᠬᠢ ᠵᠠᠮᠪᠠᠷᠠᠭ᠎ᠠ ᠦᠭᠡᠢ︾ ᠠᠰᠠᠭᠤᠳᠠᠯ  ᠪᠠᠰᠠ ᠣᠷᠣᠰᠢᠵᠤ ᠪᠠᠶᠢᠨ᠎ᠠ᠂ ᠡᠨᠡ ᠨᠢ ᠪᠢᠳᠡᠨ ᠢ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠠᠬᠢᠭᠤᠯᠬᠤ ᠶᠢᠨ ᠬᠠᠮᠲᠤ ᠨᠡᠩ ᠠᠯᠤᠰ ᠬᠡᠳᠦ ᠶᠢ ᠪᠣᠳᠣᠯᠬᠢᠯᠠᠨ᠂ ᠠᠭᠤᠯᠠ ᠤᠰᠤ ᠣᠢ ᠮᠣᠳᠣ ᠭᠠᠵᠠᠷ  ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠰᠠᠶᠢᠵᠢᠷᠠᠯᠲᠠ ᠪᠠ ᠥᠨᠢᠳᠡ ᠶᠢᠨ ᠬᠥᠭᠵᠢᠯᠲᠡ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠭᠳᠠᠵᠤ ᠪᠤᠢ᠃ ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠭᠤᠣᠯ ᠤᠨ  ᠳᠠᠭᠠᠭᠠᠮᠠᠯ ᠤᠨ ᠠᠯᠪᠠᠨ ᠭᠡᠷ  ᠠᠴᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号