| | ᠡᠨᠡ ᠵᠢᠯ ᠠᠴᠠ ᠨᠠᠰᠢ᠂ ᠬᠤᠷᠢᠨᠭᠡᠷ ᠪᠠᠯᠭᠠᠰᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ︽ᠬᠤᠷᠢᠨᠭᠡᠷ ᠪᠠᠯᠭᠠᠰᠤᠨ ᠤ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠡᠷᠡᠭᠵᠢᠭᠦᠯᠬᠦ | ᠲᠥᠰᠦᠯ︾ ᠢ ᠴᠢᠨᠠᠷ ᠰᠠᠶᠢᠲᠠᠢ ᠲᠡᠭᠦᠯᠳᠡᠷᠵᠢᠭᠦᠯᠵᠦ᠂ ︽ᠲᠣᠰᠬᠤᠨ ᠢ ᠴᠡᠪᠡᠷᠯᠡᠬᠦ ᠠᠵᠢᠯ ᠢ ᠶᠡᠭᠡ ᠪᠠᠷ ᠡᠬᠢᠯᠡᠭᠦᠯᠬᠦ︾ | ᠂ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠰᠠᠷ᠎ᠠ︾ ᠶᠢᠨ | ᠲᠤᠰᠬᠠᠢ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ︽ᠵᠣᠷᠯᠣᠩ ᠤᠨ ᠬᠤᠪᠢᠰᠬᠠᠯ︾ ᠤᠨ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ | ᠳᠣᠷᠣᠭᠰᠢ ᠪᠠᠭᠤᠯᠭᠠᠭᠰᠠᠨ 46 ᠠᠰᠠᠭᠤᠳᠠᠯ ᠤᠨ ᠴᠡᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 36 | ᠪᠠᠶᠢᠭᠠᠯᠢᠯᠢᠭ ᠲᠣᠰᠬᠤᠨ ᠤ ᠡᠷᠡᠭᠦᠯ ᠬᠠᠮᠠᠭᠠᠯᠠᠯ ᠢ ᠲᠦᠢᠯᠪᠤᠷᠢᠲᠠᠢ ᠴᠡᠪᠡᠷᠯᠡᠵᠦ᠂ ᠨᠡᠶᠢᠳᠡ 2.6 ᠲᠦᠮᠡᠨ ᠲᠣᠨ ᠬᠤᠭ | ᠰᠢᠷᠣᠢ᠂ ᠠᠮᠢᠳᠤᠷᠠᠯ ᠤᠨ ᠬᠤᠭ ᠨᠣᠪᠰᠢ᠂ 8000 ᠺᠦᠪ ᠮᠧᠲᠷ ᠪᠠᠷᠢᠯᠭ᠎ᠠ ᠶᠢᠨ ᠬᠤᠭ ᠨᠣᠪᠰᠢ᠂ 300 ᠭᠠᠷᠤᠢ | ᠲᠣᠨ ᠡᠯᠳᠡᠪ ᠡᠪᠡᠰᠦ ᠮᠣᠳᠣᠨ ᠤ ᠰᠠᠯᠠᠭ᠎ᠠ ᠶᠢ ᠴᠡᠪᠡᠷᠯᠡᠪᠡ᠃ | ︽ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ︾ ᠶᠢ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠨ᠎ᠠ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ︾ ᠤᠨ ᠠᠵᠤ | ᠠᠬᠤᠶᠢᠯᠠᠯ ᠢ ᠢᠯᠭᠠᠷᠠᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 25 ︽ᠲᠠᠷᠠᠬᠠᠶ ᠪᠤᠲᠠᠷᠬᠠᠶ ᠡᠮᠬᠢ | ᠵᠠᠮᠪᠠᠷᠠᠭ᠎ᠠ ᠥᠬᠡᠶ ᠪᠣᠬᠢᠷᠲᠤᠯ︾ ᠤᠨ ᠠᠵᠤ ᠠᠬᠤᠶᠢᠯᠠᠯ ᠢ ᠴᠡᠭᠴᠡᠯᠡᠨ ᠵᠠᠰᠠᠵᠤ᠂ 30 ᠭᠠᠷᠤᠶ ᠵᠠᠳᠠᠭᠠᠶ ᠰᠢᠲᠠᠭᠠᠬᠤ | ᠦᠢᠯᠡ ᠠᠵᠢᠯᠯᠠᠭ᠎ᠠ ᠶᠢ ᠢᠯᠡᠷᠡᠭᠦᠯᠦᠨ ᠬᠤᠷᠢᠭᠯᠠᠨ ᠵᠣᠭᠰᠣᠭᠠᠵᠤ᠂ 30 ᠭᠠᠷᠤᠶ ᠭᠠᠯ ᠭᠠᠷᠤᠭᠰᠠᠨ ᠳᠠᠯᠳᠠ ᠬᠡᠮ ᠢ | ᠴᠠᠭ ᠲᠤᠬᠠᠶ ᠳᠤᠨᠢ ᠰᠢᠢᠳᠪᠦᠷᠢᠯᠡᠵᠦ᠂ ᠭᠤᠤᠯ ᠤᠨ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠴᠢᠬᠤᠯᠠᠴᠢᠯᠠᠨ᠂ 1215 ᠺᠦᠪ ᠮᠧᠲᠷ᠂ ᠠᠮᠢᠳᠤᠷᠠᠯ ᠤᠨ ᠬᠤᠭ ᠨᠣᠪᠰᠢ ᠶᠢ 15.7 ᠲᠣᠨ ᠴᠡᠪᠡᠷᠯᠡᠪᠡ᠃ | ᠡᠨᠡ ᠵᠢᠯ᠂ ᠬᠤᠷᠢᠨᠭᠡᠷ ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠨᠢ ᠪᠠᠯᠭᠠᠰᠤᠨ ᠤ ᠭᠤᠣᠯᠳᠠᠯᠭ᠎ᠠ ᠲᠠᠢ | ᠠᠵᠢᠯ ᠤᠨ ᠲᠣᠭᠤᠷᠢᠨ ᠳᠤ᠂ ᠲᠣᠰᠬᠤᠨ ᠤ ᠳᠦᠷᠰᠦ ᠪᠠᠶᠢᠳᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠭᠤᠣᠯᠳᠠᠭᠤ ᠳᠦᠷᠢᠮ ᠠᠴᠠ ᠵᠥᠷᠢᠴᠡᠨ ᠡᠵᠡᠩᠨᠡᠬᠦ᠂ ᠵᠠᠮ ᠡᠵᠡᠯᠡᠨ ᠡᠵᠡᠩᠨᠡᠬᠦ ᠶᠢ ᠡᠷᠡᠰ ᠴᠠᠭᠠᠵᠠᠯᠠᠵᠤ᠂ ᠵᠠᠰᠠᠮᠠᠯ | ᠵᠠᠮ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢ ᠵᠢᠷᠤᠮᠵᠢᠭᠤᠯᠵᠤ᠂ ᠠᠮᠢᠳᠤ ᠵᠢᠭᠦᠷᠲᠡᠨ ᠢ ᠠᠯᠠᠵᠤ ᠨᠢᠲᠤᠯᠬᠤ᠂ | ᠢᠳᠡᠭᠡᠨ ᠢ ᠡᠳ᠋ᠰᠢᠭᠦᠯᠬᠦ ᠳᠡᠰ ᠳᠠᠷᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠳᠡᠯᠭᠡᠭᠦᠷ ᠢ ᠡᠭᠦᠳᠡᠨ ᠳᠤ | ᠣᠷᠣᠭᠤᠯᠬᠤ᠂ ᠳᠡᠯᠭᠡᠴᠡ ᠶᠢ ᠵᠠᠬ᠎ᠠ ᠳᠡᠯᠭᠡᠭᠦᠷ ᠲᠤ ᠣᠷᠣᠭᠤᠯᠬᠤ᠂ ᠲᠡᠷᠭᠡ ᠶᠢ ᠪᠠᠶᠢᠷᠢ ᠳᠤ ᠣᠷᠣᠭᠤᠯᠬᠤ᠂ ᠬᠤᠭ | ᠨᠣᠪᠰᠢ ᠶᠢ ᠰᠠᠪᠠ ᠳᠤ ᠣᠷᠣᠭᠤᠯᠬᠤ᠂ ᠡᠵᠡᠩᠨᠡᠯᠲᠡ ᠶᠢ ᠵᠢᠷᠤᠮᠵᠢᠭᠤᠯᠬᠤ︾ ᠶᠢ ᠪᠡᠶᠡᠯᠡᠭᠦᠯᠦᠨ᠎ᠡ᠃ | | | | ᠪᠦᠷᠢᠳᠬᠡᠯ ᠢ ᠦᠨᠳᠦᠰᠦᠯᠡᠪᠡᠯ᠂ ᠰᠡᠭᠦᠯᠴᠢ ᠶᠢᠨ ᠬᠠᠭᠠᠰ ᠵᠢᠯ ᠳᠤ ᠵᠢᠥ ᠶᠤᠸᠠᠨ ᠲᠣᠭᠤᠷᠢᠭ ᠤᠨ ᠬᠠᠯᠢᠨ ᠭᠡᠷ | ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠨᠡᠭᠦᠳᠡᠯ ᠳᠡᠯᠭᠡᠭᠦᠷᠴᠢᠨ᠂ ᠳᠡᠯᠭᠡᠭᠦᠷ ᠤᠨ ᠭᠠᠳᠠᠨ᠎ᠠ 1400 ᠭᠠᠷᠤᠶ | ᠭᠠᠵᠠᠷ ᠢ ᠴᠡᠭᠴᠡᠯᠡᠨ ᠵᠠᠰᠠᠵᠤ᠂ ᠭᠤᠷᠪᠠᠨ ᠳᠤᠷ᠎ᠠ ᠪᠠᠷ ᠢᠶᠠᠨ ᠵᠢᠵᠢᠭ ᠵᠠᠷ ᠮᠡᠳᠡᠭᠡ 660 ᠭᠠᠷᠤᠶ ᠭᠠᠵᠠᠷ | ᠣᠪᠣᠭᠠᠯᠠᠵᠤ᠂ ᠲᠣᠰᠬᠤᠨ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠬᠠᠮᠢᠶᠠᠷᠤᠯᠲᠠ ᠶᠢ ᠴᠢᠬᠤᠯᠠᠴᠢᠯᠠᠵᠤ᠂ ᠭᠤᠣᠯ ᠵᠠᠮ ᠪᠣᠯᠬᠤ ᠵᠠᠰᠠᠮᠠᠯ ᠵᠠᠮ ᠤᠨ ᠴᠢᠬᠢ ᠮᠣᠳᠣ ᠶᠢ ᠨᠥᠬᠦᠵᠦ ᠲᠠᠷᠢᠬᠤ᠂ | ᠬᠤᠪᠠᠭ᠋ᠠᠶᠢᠷᠠᠭᠰᠠᠨ ᠮᠣᠳᠣ ᠶᠢ ᠴᠡᠪᠡᠷᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠶᠢ | ᠬᠡᠷᠡᠭᠵᠢᠭᠦᠯᠵᠦ᠂ ᠰᠦᠩ ᠵᠤᠤ ᠵᠠᠰᠠᠮᠠᠯ ᠵᠠᠮ ᠪᠣᠯᠤᠨ ᠦᠵᠡᠮᠵᠢ ᠶᠢᠨ ᠵᠠᠮ ᠤᠨ ᠠᠭᠤᠯᠵᠠᠷ ᠤᠨ | ᠨᠣᠭᠤᠭᠠᠷᠠᠭᠤᠯᠤᠯᠲᠠ ᠶᠢᠨ ᠦᠵᠡᠮᠵᠢ ᠶᠢᠨ ᠵᠠᠩᠭᠢᠯᠠᠭ᠎ᠠ ᠶᠢᠨ ᠴᠡᠭ ᠢ ᠪᠤᠢ ᠪᠣᠯᠭᠠᠵᠤ᠂ ᠬᠥᠳᠡᠭᠡ ᠲᠣᠰᠬᠤᠨ ᠤ ᠥᠩᠭᠡ | ᠵᠢᠰᠦ ᠵᠠᠩ ᠠᠪᠤᠷᠢ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃ | | | | | | |