ᠵᠢᠥ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ 2024 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠭᠠᠳᠠᠭᠰᠢ ᠭᠠᠷᠬᠤ ᠪᠣᠳᠠᠲᠠᠶ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/11/4
    10 ᠰᠠᠷ᠎ᠠ ᠶᠢᠨ 23 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠠᠴᠠ 2024 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠲᠠᠷᠢᠶᠠᠯᠠᠩ ᠤᠨ ᠮᠠᠰᠢᠨ ᠤ ᠵᠢᠯᠤᠭᠤᠴᠢ ᠶᠢᠨ ᠲᠤᠰᠬᠠᠶ ᠪᠤᠶᠢᠵᠢᠭᠤᠯᠬᠤ ᠠᠩᠭᠢ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠠᠵᠤ ᠦᠢᠯᠡᠰ ᠤᠨ ᠳᠠᠭᠠᠭᠤᠯᠤᠭᠴᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ ᠪᠤᠶᠢᠵᠢᠭᠤᠯᠬᠤ ᠠᠩᠭᠢ ᠶᠢᠨ 46 ᠰᠤᠷᠤᠭᠴᠢ ᠶᠢ ᠵᠣᠬᠢᠶᠠᠨ ᠪᠠᠶᠢᠭᠤᠯᠵᠤ᠂ ᠬᠤᠨᠠᠨ ᠮᠤᠵᠢ ᠶᠢᠨ ᠴᠠᠩᠱᠠ ᠬᠤᠲᠠ ᠳᠤ ᠬᠦᠷᠴᠦ 2024 ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠮᠠᠰᠢᠨ ᠤ ᠦᠵᠡᠰᠬᠦᠯᠡᠩ ᠳᠤ ᠣᠷᠣᠯᠴᠠᠭᠤᠯᠪᠠ᠃
111111111.jpg
    ᠲᠣᠰ ᠤᠳᠠᠭᠠᠨ ᠤ ᠦᠵᠡᠰᠬᠦᠯᠡᠩ ᠢ ᠤᠯᠠᠮᠵᠢᠯᠠᠯᠲᠤ ᠦᠵᠡᠭᠦᠯᠦᠯᠭᠡ ᠶᠢᠨ ᠲᠣᠭᠤᠷᠢᠭ ᠪᠠ ᠣᠨᠴᠠᠯᠢᠭᠲᠤ ᠲᠤᠰᠬᠠᠶ ᠲᠣᠭᠤᠷᠢᠭ ᠭᠡᠵᠦ ᠬᠤᠪᠢᠶᠠᠨ᠎ᠠ᠂ ᠡᠭᠦᠨ ᠳᠤ ᠪᠤᠷᠳᠤᠭᠤᠷ ᠣᠷᠣᠭᠤᠯᠬᠤ ᠮᠠᠰᠢᠨ᠂ ᠤᠷᠭᠤᠮᠠᠯ ᠬᠠᠮᠠᠭᠠᠯᠠᠬᠤ ᠮᠠᠰᠢᠨ᠂ ᠤᠶᠤᠨᠲᠤ ᠲᠠᠷᠢᠶᠠᠯᠠᠩ ᠪᠠ ᠤᠶᠤᠨᠲᠤ ᠲᠠᠷᠢᠶᠠᠯᠠᠩ ᠤᠨ ᠮᠠᠰᠢᠨ ᠤ ᠦᠵᠡᠭᠦᠯᠦᠯᠭᠡ ᠶᠢᠨ ᠲᠣᠭᠤᠷᠢᠭ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠦᠵᠡᠭᠦᠯᠦᠯᠭᠡ ᠶᠢᠨ ᠲᠣᠭᠤᠷᠢᠭ ᠵᠡᠷᠭᠡ ᠪᠠᠭᠲᠠᠨ᠎ᠠ᠃ ᠰᠤᠷᠤᠭᠴᠢᠳ ᠣᠳᠣᠬᠠᠨ ᠤ ᠬᠠᠮᠤᠭ ᠤᠨ ᠰᠢᠨ᠎ᠡ ᠲᠠᠷᠢᠶᠠᠯᠠᠩ ᠤᠨ ᠮᠠᠰᠢᠨ ᠵᠢᠴᠢ ᠬᠠᠮᠢᠶ᠎ᠠ ᠪᠥᠬᠦᠶ ᠲᠥᠬᠦᠭᠡᠷᠦᠮᠵᠢ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠴᠠᠬᠢᠯᠭᠠᠨ ᠬᠥᠳᠡᠯᠭᠡᠭᠦᠷᠲᠦ ᠲᠠᠷᠢᠶᠠᠯᠠᠩ ᠤᠨ ᠮᠠᠰᠢᠨ ᠤ ᠭᠠᠷᠮᠠᠭᠠᠶ ᠴᠢᠳᠠᠪᠤᠷᠢ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠳᠠᠪᠠᠭᠤᠯᠢᠭ ᠵᠢᠴᠢ ᠤᠶᠤᠨᠲᠤ ᠲᠠᠷᠢᠶᠠᠯᠠᠩ ᠤᠨ ᠮᠠᠰᠢᠨ ᠤ ᠨᠠᠷᠢᠯᠢᠭ ᠣᠨᠣᠴᠠᠲᠠᠶ ᠪᠠᠷ ᠳᠠᠷᠢᠬᠤ᠂ ᠬᠤᠪᠢᠰᠤᠭᠴᠢ ᠬᠡᠮᠵᠢᠭᠳᠡᠬᠦᠨ ᠢᠶᠠᠷ ᠪᠣᠷᠲᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠵᠡᠷᠭᠡ ᠲᠠᠯ᠎ᠠ ᠶᠢᠨ ᠬᠡᠷᠡᠭᠯᠡᠭᠡᠨ ᠤ ᠦᠷ᠎ᠡ ᠪᠦᠲᠦᠮᠵᠢ ᠶᠢ ᠪᠡᠶᠡᠴᠢᠯᠡᠨ ᠣᠶᠢᠯᠠᠭᠠᠵᠤ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠠᠴᠠ ᠵᠢᠵᠢᠭ ᠬᠡᠯᠪᠡᠷᠢ ᠶᠢᠨ ᠢᠳᠡᠰᠢᠨ ᠨᠣᠭᠤᠭ᠎ᠠ ᠶᠢᠨ ᠨᠠᠷᠢᠯᠢᠭ ᠳᠠᠷᠢᠬᠤ ᠮᠠᠰᠢᠨ ᠬᠦᠷᠲᠡᠯ᠎ᠡ᠂ ᠣᠯᠠᠨ ᠢᠶᠠᠷ ᠢᠶᠠᠨ ᠲᠣᠰ ᠣᠳᠠᠭᠠᠨ ᠤ ᠰᠣᠩᠭᠤᠯᠲᠠ ᠶᠢᠨ ᠬᠡᠷᠡᠭᠴᠡᠭᠡ ᠶᠢ ᠰᠣᠩᠭᠤᠨ ᠰᠤᠷᠤᠯᠴᠠᠵᠤ ᠡᠯᠪᠡᠭ ᠬᠤᠷᠢᠶᠠᠯᠲᠠ ᠤᠯᠪᠠ᠃
2222222.jpg
    ᠡᠭᠦᠨ ᠤ ᠬᠠᠮᠲᠤ᠂ ᠰᠤᠷᠤᠭᠴᠢᠳ ᠪᠠᠰᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠴᠡᠭ᠂ ᠲᠦᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠴᠡᠭ ᠵᠢᠴᠢ ᠬᠤᠯᠪᠣᠭᠳᠠᠯ ᠪᠦᠬᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠪᠠᠷ ᠳᠠᠮᠵᠢᠭᠤᠯᠵᠤ᠂ ᠰᠡᠳᠬᠢᠴᠡ ᠪᠠᠨ ᠴᠢᠨᠠᠭᠰᠢᠳᠠ ᠥᠷᠭᠡᠳᠬᠡᠪᠡ᠃ ᠰᠤᠷᠤᠭᠴᠢ ᠮᠧᠩ ᠴᠢ ᠧ ᠠᠴᠠ ᠭᠧ ᠵᠢᠶᠠ ᠲᠣᠰᠬᠤᠨ ᠤ ︽ᠯᠠᠵᠤᠤ ᠶᠢᠨ ᠸᠠᠩ︾ ᠶᠠᠩ ᠢ ᠤᠯᠠᠭᠠᠨ ᠪᠦᠯᠬᠦᠮ ᠢ ᠤᠷᠢᠵᠤ ᠵᠢᠥ ᠶᠤᠸᠠᠨ ᠲᠣᠭᠤᠷᠢᠭ ᠲᠤ ᠵᠢᠱᠢᠶ᠎ᠡ ᠦᠵᠡᠭᠦᠯᠵᠦ ᠲᠠᠷᠢᠮᠠᠯ ᠲᠠᠷᠢᠬᠤ ᠶᠢ ᠬᠦᠰᠡᠵᠦ ᠪᠠᠶᠢᠨ᠎ᠠ᠂ ᠮᠡᠷᠭᠡᠵᠢᠯ ᠠᠪᠴᠢᠷᠠᠵᠤ ᠴᠢᠳᠠᠬᠤ ᠮᠥᠷᠲᠡᠭᠡᠨ ᠪᠠᠰᠠ ᠵᠠᠬ᠎ᠠ ᠳᠡᠯᠭᠡᠭᠦᠷ ᠢ ᠠᠪᠴᠢᠷᠠᠵᠤ ᠴᠢᠳᠠᠬᠤ ᠪᠥᠭᠡᠳ ᠵᠢᠥ ᠶᠤᠸᠠᠨ ᠲᠣᠭᠤᠷᠢᠭ ᠤᠨ ᠬᠢᠨ ᠭᠠᠵᠠᠷ ᠰᠢᠷᠣᠢ ᠪᠣᠯᠤᠨ ᠠᠭᠤᠷ ᠠᠮᠢᠰᠬᠤᠯ ᠤᠨ ᠳᠠᠪᠠᠭᠤᠯᠢᠭ ᠢᠶᠠᠨ ᠠᠰᠢᠭᠯᠠᠨ᠂ ᠨᠡᠩ ᠰᠢᠯᠢᠳᠡᠭ ᠯᠠᠵᠤᠤ ᠶᠢᠨ ᠲᠦᠷᠦᠯ ᠵᠦᠢᠯ ᠢ ᠯᠠᠪᠲᠠᠢ ᠪᠤᠶᠢᠵᠢᠭᠤᠯᠤᠨ ᠭᠠᠷᠭᠠᠵᠤ ᠴᠢᠳᠠᠨ᠎ᠠ ᠭᠡᠵᠦ ᠢᠯᠡᠳᠬᠡᠪᠡ᠃ ᠰᠤᠷᠤᠭᠴᠢᠳ ᠨᠢ ᠲᠣᠰᠬᠤᠨ ᠳᠠᠭᠠᠨ ᠬᠤᠶᠠᠳᠤᠭᠠᠷ ᠠᠵᠤ ᠦᠢᠯᠡᠰ ᠢ ᠬᠥᠭᠵᠢᠭᠦᠯᠵᠦ᠂ ᠲᠣᠰᠬᠤᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ ᠳᠥᠭᠦᠮᠬᠡᠨ ᠢᠶᠠᠷ ᠪᠣᠯᠪᠠᠰᠤᠷᠠᠭᠤᠯᠵᠤ᠂ ᠨᠢᠭᠡᠳᠦᠭᠡᠷ ᠠᠵᠤ ᠦᠢᠯᠡᠰ ᠤᠨ ᠲᠠᠷᠢᠮᠠᠯ ᠤᠨ ᠬᠠᠳᠠᠭᠠᠯᠠᠬᠤ ᠲᠦᠭᠰᠢᠭᠦᠷᠢ ᠶᠢ ᠪᠠᠭᠠᠰᠬᠠᠬᠤ ᠪᠠᠷ ᠪᠠᠷᠠᠬᠤ ᠦᠭᠡᠢ ᠪᠠᠰᠠ ᠬᠤᠶᠠᠳᠤᠭᠠᠷ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ ᠭᠡᠵᠦ ᠢᠯᠡᠳᠬᠡᠪᠡ᠃    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠭᠠᠳᠠᠭᠰᠢ ᠭᠠᠷᠴᠤ ᠳᠠᠳᠤᠯᠭ᠎ᠠ ᠪᠣᠯᠪᠠᠰᠤᠷᠠᠯ ᠤᠨ ᠲᠥᠰᠦᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠨᠡᠩ ᠤᠯᠠᠨ ᠥᠪᠡᠷᠮᠢᠴᠡ ᠣᠨᠴᠠᠯᠢᠭ ᠲᠠᠢ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢ ᠰᠤᠷᠤᠯᠴᠠᠨ ᠣᠶᠢᠯᠠᠭᠠᠭᠤᠯᠵᠤ᠂ ᠬᠠᠷᠠᠭ᠎ᠠ ᠪᠠᠨ ᠤᠯᠠᠮ ᠴᠢᠨᠠᠭᠰᠢᠳᠠ ᠥᠷᠭᠡᠳᠬᠡᠵᠦ᠂ ᠰᠡᠳᠬᠢᠴᠡ ᠪᠠᠨ ᠥᠷᠭᠡᠳᠬᠡᠵᠦ᠂ ᠦᠵᠡᠯᠲᠡ ᠪᠠᠨ ᠬᠤᠪᠢᠷᠠᠭᠤᠯᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠤᠲᠤᠭ ᠤᠨ ᠣᠨᠴᠠᠯᠢᠭ ᠲᠠᠢ ᠳᠠᠷᠢᠵᠤ ᠲᠡᠵᠢᠭᠡᠨ ᠦᠷᠡᠵᠢᠭᠦᠯᠬᠦ ᠵᠠᠭᠪᠤᠷ ᠢ ᠪᠦᠷᠢᠯᠳᠦᠭᠦᠯᠵᠦ᠂ ᠵᠠᠬ᠎ᠠ ᠳᠡᠯᠭᠡᠭᠦᠷ ᠲᠤ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠠᠩᠭᠠᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号