ᠪᠢᠯᠬᠠᠮ᠎ᠠ ᠬᠠᠶᠢᠷ᠎ᠠ ᠬᠠᠯᠠᠮᠵᠢ ᠪᠠᠷ ᠨᠠᠰᠥᠳᠠᠶᠢᠴᠥᠳ ᠤᠨ ᠰᠡᠳᠬᠢᠯ ᠢ ᠳᠤᠯᠠᠭᠠᠴᠠᠭᠤᠯᠤᠨ᠋
ᠨᠡᠶᠢᠲᠡᠯᠡᠭᠰᠡᠨ ᠴᠠᠭ᠄
2024/11/6
    ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠠᠷᠢᠶᠠᠲᠤ ᠣᠷᠣᠨ ᠤ ᠭᠠᠭᠴᠠᠭᠠᠷ ᠰᠠᠭᠤᠭ᠎ᠠ᠂ ᠥᠨᠥᠴᠢᠨ ᠪᠡᠯᠪᠡᠰᠦᠨ ᠨᠠᠰᠤᠲᠠᠳ ᠲᠤ ᠨᠡᠶᠢᠭᠡᠮ ᠬᠤᠷᠢᠶᠠᠯᠠᠯ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ ᠣᠶᠢᠷ᠎ᠠ ᠳᠤ᠂ ᠪᠠᠶᠠᠨᠰᠢᠯᠢ ᠵᠡᠭᠡᠯᠢ ᠭᠤᠳᠤᠮᠵᠢ ᠶᠢᠨ ᠸᠠᠨ ᠺᠧ ᠨᠡᠶᠢᠭᠡᠮ ᠬᠤᠷᠢᠶᠠᠯᠠᠯ ᠨᠢ ᠮᠦ ᠰᠢᠨ ᠨᠡᠶᠢᠭᠡᠮ ᠤᠨ ᠠᠵᠢᠯ ᠤᠨ ᠥᠷᠲᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠲᠠᠢ ᠬᠠᠮᠲᠤᠷᠠᠨ ᠬᠠᠷᠢᠶᠠᠲᠤ ᠣᠷᠣᠨ ᠤ ᠭᠠᠭᠴᠠᠭᠠᠷ ᠰᠠᠭᠤᠭ᠎ᠠ ᠨᠠᠰᠤᠲᠠᠶᠢᠴᠤᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠶᠢᠷ᠎ᠠ ᠬᠠᠯᠠᠮᠵᠢ ᠶᠢ ᠨᠠᠰᠤᠲᠠᠶᠢᠴᠤᠳ ᠤᠨ ᠰᠡᠳᠬᠢᠯ ᠳᠤ ᠳᠠᠮᠵᠢᠭᠤᠯᠪᠠ᠃
111111111.jpg
    ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠨ  ᠤ ᠭᠡᠷ ᠲᠤᠨᠢ ᠣᠴᠢᠨ ᠴᠡᠪᠡᠷᠯᠡᠭᠡ ᠬᠢᠬᠦ ᠶᠢᠨ ᠬᠠᠮᠲᠤ ᠨᠠᠰᠤᠲᠠᠨ ᠲᠠᠢ  ᠳᠣᠲᠤᠨᠤᠰᠤᠭ ᠢᠶᠠᠷ ᠶᠠᠷᠢᠯᠴᠠᠵᠤ᠂ ᠵᠣᠭᠤᠭ ᠳᠡᠯᠭᠡᠬᠦ ᠠᠷᠭ᠎ᠠ ᠮᠠᠶ᠋ᠢᠭ ᠢᠶᠠᠷ  ᠲᠡᠳᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ᠂ ᠠᠮᠢᠳᠤᠷᠠᠯ ᠤᠨ ᠪᠠᠶᠢᠳᠠᠯ ᠪᠣᠯᠤᠨ ᠢᠳᠡᠵᠦ ᠤᠤᠭᠤᠬᠤ ᠬᠤᠨᠣᠵᠤ ᠬᠡᠪᠲᠡᠬᠦ ᠶᠢ ᠨᠠᠷᠢᠨ ᠣᠶᠢᠯᠠᠭᠠᠵᠤ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠯᠠᠪᠯᠠᠨ ᠠᠰᠠᠭᠤᠵᠤ᠂ ᠨᠠᠰᠤᠲᠠᠳ ᠢ  ᠪᠡᠶ᠎ᠡ ᠪᠠᠨ ᠳᠤᠯᠠᠭᠠᠯᠠᠬᠤ ᠶᠢ ᠠᠩᠬᠠᠷᠬᠤ ᠶᠢᠨ ᠬᠠᠮᠲᠤ ᠨᠠᠰᠤᠲᠠᠨ ᠤ ᠭᠡᠷ ᠤᠨ ᠳᠤᠯᠠᠭᠠᠯᠠᠭ᠎ᠠ  ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ  ᠮᠡᠳᠡᠬᠦ ᠶᠢᠨ ᠬᠠᠮᠲᠤ  ᠠᠷᠢᠯᠭᠠᠵᠤ ᠴᠢᠳᠠᠪᠠ᠃ ᠨᠠᠰᠤᠲᠠᠨ ᠳᠤ ᠶᠠᠮᠠᠷᠪᠠ ᠬᠡᠷᠡᠭᠴᠡᠭᠡ ᠪᠣᠯᠤᠨ ᠬᠦᠴᠢᠷᠳᠡᠯ ᠪᠠᠶᠢᠪᠠᠯ ᠵᠠᠪᠠᠯ ᠴᠠᠭ ᠲᠤᠬᠠᠢ ᠳᠤᠨᠢ ᠨᠡᠶᠢᠭᠡᠮ ᠲᠣᠭᠤᠷᠢᠭ ᠲᠠᠢ  ᠬᠠᠷᠢᠯᠴᠠᠭᠠᠷᠠᠢ ᠭᠡᠵᠤ ᠬᠡᠯᠡᠵᠦ  ᠥᠭᠪᠡ᠃
2222222.jpg
    ᠲᠤᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠵᠦ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠳᠠᠷᠠᠭᠠᠴᠢ ᠶᠢᠨ ᠠᠯᠬᠤᠮ ᠳᠤ᠂ ᠸᠠᠨ ᠺᠧ ᠨᠡᠶᠢᠭᠡᠮ ᠬᠤᠷᠢᠶᠠᠯᠠᠯ ᠭᠠᠭᠴᠠᠭᠠᠷ ᠰᠠᠭᠤᠭ᠎ᠠ᠂ ᠥᠨᠥᠴᠢᠨ ᠪᠡᠯᠪᠡᠰᠦᠨ ᠨᠠᠰᠤᠲᠠᠨ ᠢ ᠬᠠᠯᠠᠮᠵᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠪᠠᠲᠤᠯᠠᠬᠤ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号