ᠬᠢᠨᠠᠨ ᠬᠡᠮᠵᠢᠭᠰᠡᠨ ᠪᠠᠶᠢᠳᠠᠯ ᠢ ᠦᠨᠳᠦᠰᠦᠯᠡᠪᠡᠯ᠂ 10 ᠳ᠋ᠤᠭᠠᠷ ᠰᠠᠷ᠎ᠠ ᠳᠤ ᠮᠠᠨ ᠤ ᠲᠤᠭᠤᠷᠢᠭ ᠤᠨ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠦᠨ᠎ᠡ | ᠬᠠᠩᠰᠢ ᠨᠢ ᠵᠣᠬᠢᠰᠲᠠᠢ ᠬᠡᠪᠴᠢᠶᠡᠨ ᠳᠤ ᠪᠠᠭ᠎ᠠ ᠬᠡᠮᠵᠢᠶᠡᠨ ᠤ ᠬᠡᠯᠪᠡᠯᠵᠡᠯ ᠭᠠᠷᠪᠠ᠃ ᠭᠤᠣᠯᠳᠠᠯᠭ᠎ᠠ ᠲᠠᠢ ᠬᠢᠨᠠᠨ | ᠬᠡᠮᠵᠢᠭᠰᠡᠨ 35 ᠵᠦᠢᠯ ᠤᠨ ᠲᠠᠸᠠᠷ ᠤᠨ ᠳᠣᠲᠣᠷ᠎ᠠ᠂ 10 ᠵᠦᠢᠯ ᠤᠨ ᠲᠠᠸᠠᠷ ᠤᠨ ᠦᠨ᠎ᠡ ᠥᠰᠴᠦ᠂ 28. | 57% ᠶᠢ ᠡᠵᠡᠯᠡᠨ᠎ᠡ︔ 14 ᠵᠦᠢᠯ ᠤᠨ ᠲᠠᠸᠠᠷ ᠤᠨ ᠦᠨ᠎ᠡ ᠪᠠᠭᠤᠷᠠᠵᠤ᠂ 40.0% ᠶᠢ ᠡᠵᠡᠯᠡᠨ᠎ᠡ︔ 11 | ᠵᠦᠢᠯ ᠤᠨ ᠲᠠᠸᠠᠷ ᠤᠨ ᠦᠨ᠎ᠡ ᠤᠭ ᠶᠤᠰᠤᠭᠠᠷ ᠢᠶᠠᠨ ᠪᠠᠶᠢᠵᠤ᠂ 31.43% ᠶᠢ ᠡᠵᠡᠯᠡᠨ᠎ᠡ᠃ ᠪᠣᠳᠠᠲᠠᠢ | ᠵᠠᠳᠠᠯᠤᠯᠲᠠ ᠨᠢ ᠳᠣᠣᠷᠠᠬᠢ ᠮᠡᠲᠦ᠄ | ᠮᠢᠬᠠᠨ ᠤ ᠲᠥᠷᠥᠯ ᠤᠨ ᠦᠨ᠎ᠡ ᠬᠠᠩᠰᠢ ᠬᠠᠷᠢᠴᠠᠩᠭᠤᠢ ᠪᠠᠷ ᠥᠰᠪᠡ᠃ ᠮᠢᠬᠠᠨ ᠤ ᠲᠥᠷᠥᠯ ᠤᠨ ᠳᠤᠮᠳᠠᠴᠢ | ᠦᠨ᠎ᠡ ᠺᠢᠯᠣᠭ᠍ᠷᠠᠮ ᠪᠦᠷᠢ 46 ᠲᠥᠭᠦᠷᠢᠭ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ 2.48% ᠪᠠᠷ ᠪᠠᠭᠤᠷᠠᠪᠠ᠃ | ᠵᠢᠦ ᠵᠢᠶᠦ᠋ᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠦᠯᠢᠭᠡᠷ ᠡᠳ᠋ ᠤᠨ ᠠᠵᠤ | ᠠᠬᠤᠶᠢᠯᠠᠯ ᠤᠨ ᠬᠢᠨᠠᠨ ᠬᠡᠮᠵᠢᠯᠲᠡ ᠶᠢ ᠦᠨᠳᠦᠰᠦᠯᠡᠪᠡᠯ᠂ ᠮᠠᠨ ᠤ ᠲᠤᠭᠤᠷᠢᠭ ᠤᠨ ᠮᠢᠬᠠᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠠᠭᠤᠷ | ᠠᠮᠢᠰᠭᠤᠯ ᠬᠦᠢᠳᠡᠷᠡᠭᠦ ᠶᠢ ᠳᠠᠭᠠᠯᠳᠤᠨ᠂ ᠮᠢᠬᠠᠨ ᠤ ᠲᠥᠷᠥᠯ ᠤᠨ ᠬᠡᠷᠡᠭᠯᠡᠭᠡ ᠵᠤᠷᠰᠢᠯ ᠢᠶᠠᠷ ᠬᠥᠭᠵᠢᠶᠡᠨᠲᠡᠢ | ᠤᠯᠠᠷᠢᠯ ᠳᠤ ᠣᠷᠣᠵᠤ᠂ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠤ ᠮᠢᠬᠠᠨ ᠤ ᠲᠥᠷᠥᠯ ᠤᠨ ᠵᠢᠵᠢᠭᠯᠡᠨ | ᠬᠤᠳᠠᠯᠳᠤᠬᠤ ᠦᠨ᠎ᠡ ᠵᠣᠬᠢᠰᠲᠠᠢ ᠬᠡᠪᠴᠢᠶᠡᠨ ᠳᠤ ᠪᠠᠭ᠎ᠠ ᠬᠡᠮᠵᠢᠶ᠎ᠡ ᠪᠠᠷ ᠥᠰᠬᠦ ᠪᠣᠯᠤᠨ᠎ᠠ᠃ | ᠵᠢᠭᠦᠷᠲᠡᠨ ᠤ ᠲᠥᠷᠥᠯ ᠤᠨ ᠦᠨ᠎ᠡ ᠪᠠᠭ᠎ᠠ ᠰᠠᠭ᠎ᠠ ᠪᠠᠭᠤᠷᠠᠪᠠ᠃ ᠮᠠᠨ ᠤ ᠲᠤᠭᠤᠷᠢᠭ ᠤᠨ ᠵᠢᠭᠦᠷᠲᠡᠨ | ᠥᠨᠳᠡᠭᠡᠨ ᠤ ᠲᠥᠷᠥᠯ ᠤᠨ ᠭᠠᠷᠥᠯᠳᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠬᠤᠲᠠ ᠶᠢᠨ | ᠠᠷᠠᠳ ᠤᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠠᠭᠤᠷ ᠠᠮᠢᠰᠭᠤᠯ ᠬᠦᠢᠳᠡᠷᠡᠭᠰᠡᠨ ᠠᠴᠠ ᠥᠨᠳᠡᠭᠡ ᠶᠢᠨ | ᠲᠥᠷᠥᠯ ᠤᠨ ᠬᠠᠳᠠᠭᠠᠯᠠᠵᠤ ᠵᠥᠭᠡᠭᠡᠪᠦᠷᠢᠯᠡᠬᠦ ᠥᠪᠡᠷ ᠤᠨ ᠥᠷᠲᠡᠭ ᠪᠠᠭᠤᠷᠠᠵᠤ᠂ ᠥᠨᠳᠡᠭᠡ ᠶᠢᠨ ᠲᠥᠷᠥᠯ ᠤᠨ ᠦᠨ᠎ᠡ | ᠪᠠᠭᠤᠷᠠᠵᠠᠢ᠃ ᠵᠢᠱᠢᠯᠲᠡ ᠪᠠᠷ ᠵᠢᠭᠦᠷᠲᠡᠨ ᠥᠨᠳᠡᠭᠡ ᠶᠢᠨ ᠲᠥᠷᠥᠯ ᠤᠨ ᠵᠢᠵᠢᠭᠯᠡᠨ ᠬᠤᠳᠠᠯᠳᠤᠬᠤ ᠦᠨ᠎ᠡ ᠨᠢ | ᠵᠣᠬᠢᠰᠲᠠᠢ ᠬᠡᠪᠴᠢᠶᠡᠨ ᠳᠤ ᠪᠠᠭ᠎ᠠ ᠭᠡᠯᠪᠡᠯᠵᠡᠨᠡ᠃ | ᠢᠳᠡᠰᠢᠨ ᠨᠣᠭᠤᠭ᠎ᠠ ᠶᠢᠨ ᠦᠨ᠎ᠡ ᠥᠰᠴᠦ ᠪᠠᠭᠤᠷᠠᠬᠤ ᠪᠠᠶᠢᠳᠠᠯ ᠬᠠᠷᠢᠯᠴᠠᠨ ᠢᠯᠡᠷᠡᠵᠡᠢ᠃ ᠡᠨᠡ ᠰᠠᠷ᠎ᠠ ᠳᠤ | ᠮᠠᠨ ᠤ ᠲᠣᠭᠤᠷᠢᠭ ᠤᠨ ᠢᠳᠡᠰᠢᠨ ᠨᠣᠭᠤᠭ᠎ᠠ ᠶᠢᠨ ᠢᠷᠡᠯᠲᠡ ᠰᠠᠭᠠᠳ ᠦᠭᠡᠢ ᠪᠠᠶᠢᠵᠤ ᠬᠠᠩᠭᠠᠯᠭ᠎ᠠ ᠭᠦᠢᠴᠡᠳ᠂ | ᠬᠢᠨᠠᠨ ᠬᠡᠮᠵᠢᠭᠰᠡᠨ 30 ᠵᠦᠢᠯ ᠤᠨ ᠢᠳᠡᠰᠢᠨ ᠨᠣᠭᠤᠭ᠎ᠠ ᠶᠢᠨ ᠦᠨ᠎ᠡ 12 ᠵᠥᠢᠯ ᠪᠠᠭᠤᠷᠠᠵᠤ᠂ 9 ᠵᠥᠢᠯ | ᠦᠰᠴᠦ 9 ᠵᠥᠢᠯ ᠤᠭ ᠤᠨ ᠦᠨ᠎ᠡ ᠪᠠᠷ ᠢᠶᠠᠨ ᠪᠤᠢ᠂ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠺᠢᠯᠣᠭ᠍ᠷᠠᠮ | ᠪᠦᠷᠢ9.96 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.22% ᠥᠰᠴᠡᠢ᠃ ᠠᠭᠤᠷ ᠠᠮᠢᠰᠬᠤᠯ | ᠬᠦᠢᠲᠡᠷᠡᠬᠦ ᠶᠢ ᠳᠠᠭᠠᠯᠳᠤᠨ᠂ ᠢᠳᠡᠰᠢᠨ ᠨᠣᠭᠤᠭ᠎ᠠ ᠢᠯᠵᠢᠷᠡᠬᠦ ᠳᠤ ᠲᠡᠰᠪᠦᠷᠢᠲᠡᠢ ᠪᠣᠯᠵᠣ᠂ ᠲᠡᠭᠡᠭᠡᠪᠦᠷᠢᠯᠡᠬᠦ ᠪᠠ | ᠬᠠᠳᠠᠭᠠᠯᠠᠬᠤ ᠶᠠᠪᠤᠴᠠ ᠳᠠᠬᠢ ᠰᠦᠢᠳᠦᠯ ᠪᠠᠭᠠᠰᠴᠤ᠂ ᠲᠡᠭᠡᠭᠡᠪᠦᠷᠢ ᠶᠢᠨ ᠥᠪᠡᠷ ᠤᠨ ᠥᠷᠲᠡᠭ ᠪᠠᠭᠤᠷᠠᠭᠰᠠᠨ ᠪᠠᠶᠢᠨ᠎ᠠ | ᠃ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠳᠤ ᠢᠳᠡᠰᠢᠨ ᠨᠣᠭᠤᠭ᠎ᠠ ᠶᠢᠨ ᠦᠨ᠎ᠡ ᠢᠳᠡᠭ ᠢᠳᠡᠭ ᠢᠶᠠᠷ | ᠪᠠᠭᠤᠷᠠᠬᠤ ᠪᠣᠯᠤᠨ᠎ᠠ᠃ | | | |