ᠭᠡᠷ ᠣᠷᠣᠨ ᠢ  ᠴᠡᠪᠡᠷᠯᠡᠬᠦ ᠳᠤ ᠵᠡᠷᠭᠡᠪᠡᠷ ᠣᠷᠣᠯᠴᠠᠵᠤ ᠣᠷᠴᠢᠨ ᠲᠣᠭᠤᠷᠢᠨ ᠢ ᠭᠤᠶᠣᠯᠠᠬᠤ ᠳᠤ ᠬᠠᠮᠲᠤᠪᠠᠷ ᠣᠷᠣᠯᠴᠠᠬᠤ
ᠨᠡᠶᠢᠲᠡᠯᠡᠭᠰᠡᠨ ᠴᠠᠭ᠄
2024/11/8
    ᠭᠡᠷ ᠬᠤᠷᠢᠶᠠᠯᠠᠯ ᠤᠨ ᠪᠣᠯᠪᠠᠰᠤᠨ ᠤ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠪᠣᠯᠪᠠᠰᠤᠨ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ ᠶᠤᠮ᠃ 11 ᠰᠠᠷ᠎ᠠ ᠶᠢᠨ 5 ᠤ ᠡᠳᠦᠷ᠂ ᠰᠢᠩ ᠶᠤᠸᠠᠨ ᠭᠡᠷ ᠬᠤᠷᠢᠶᠠᠯᠠᠯ ᠤᠨ ᠬᠢᠨ ᠰᠢᠩ ᠶᠤᠸᠠᠨ ᠬᠤᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ ︽ᠭᠡᠷ ᠣᠷᠣᠨ ᠢᠶᠠᠨ ᠴᠡᠪᠡᠷᠯᠡᠬᠦ ᠣᠷᠴᠢᠨ ᠲᠣᠭᠤᠷᠢᠨ ᠢᠶᠠᠨ ᠭᠤᠶᠣᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃
111.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠬᠥᠬᠡ ᠬᠤᠶᠠᠭ︾ ᠡᠮᠦᠰᠴᠦ᠂ ᠠᠵᠢᠯ ᠤᠨ ᠬᠤᠪᠢᠶᠠᠷᠢᠯᠠᠯ ᠡᠭᠦᠷᠭᠡ ᠪᠠᠨ ᠲᠣᠳᠣᠷᠬᠠᠶ ᠪᠣᠯᠭᠠᠵᠤ᠂ ᠬᠤᠰᠤᠭᠤᠷ ᠬᠢᠲᠤᠭ᠎ᠠ ᠵᠡᠷᠭᠡ ᠠᠷᠢᠭᠤᠨ ᠴᠡᠪᠡᠷ ᠤᠨ ᠪᠠᠭᠠᠵᠢ ᠪᠠᠷ ᠵᠢᠵᠢᠭ ᠵᠠᠷ ᠮᠡᠳᠡᠭᠡ ᠶᠢ ᠨᠠᠷᠢᠨ ᠬᠢᠨᠠᠮᠠᠭᠠᠶ ᠴᠡᠪᠡᠷᠯᠡᠭᠰᠡᠨ ᠪᠥᠭᠡᠳ ᠵᠢᠵᠢᠭ ᠲᠣᠭᠤᠷᠢᠭ ᠤᠨ ᠳᠣᠲᠣᠷᠠᠬᠢ ︽ᠤᠲᠠᠰᠤ ᠪᠠᠷ ᠴᠠᠬᠢᠯᠭᠠᠨ ᠴᠡᠨᠡᠭᠯᠡᠬᠦ︾ ᠪᠠᠶᠢᠳᠠᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠭᠰᠠᠨ ᠪᠥᠭᠡᠳ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠴᠡᠪᠡᠷ ᠴᠡᠮᠴᠡᠭᠡᠷ᠂ ᠲᠠᠭᠠᠯᠠᠮᠵᠢᠲᠠᠶ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃
222.jpg
       ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠪᠣᠯᠪᠠᠰᠤᠨ᠂ ᠡᠶ᠎ᠡ ᠵᠣᠬᠢᠴᠠᠯ ᠲᠠᠢ ᠭᠡᠷ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠵᠡᠶ᠃ ᠳᠠᠷᠠᠭᠠᠴᠢ ᠶᠢᠨ ᠠᠯᠬᠤᠮ ᠳᠤ᠂ ᠰᠢᠩ ᠶᠤᠸᠠᠨ ᠭᠡᠷ ᠬᠤᠷᠢᠶᠠᠯᠠᠯ ᠤᠨ ᠦᠷᠭᠦᠯᠵᠢᠯᠡᠨ ᠬᠠᠷᠢᠶ᠎ᠠ ᠣᠷᠣᠨ ᠤ ᠰᠠᠭᠤᠭᠠᠯᠢ ᠠᠷᠠᠳ᠂ ᠰᠠᠶᠢᠨ ᠳᠤᠷ᠎ᠠ ᠶᠢᠨ ᠠᠵᠢᠯᠯᠠᠭᠴᠢ ᠶᠢ ᠬᠦᠳᠦᠯᠦᠨ ᠳᠠᠭᠠᠭᠤᠯᠵᠤ᠂ ᠰᠠᠨᠠᠭᠠᠴᠢᠯᠠᠭᠴᠢ᠂ ᠵᠢᠱᠢᠶ᠎ᠡ ᠦᠵᠡᠭᠦᠯᠦᠭᠴᠢ᠂ ᠦᠢᠯᠡᠳᠦᠯᠭᠡᠵᠢᠭᠦᠯᠦᠭᠴᠢ ᠂ ᠬᠢᠨᠠᠯᠲᠠ ᠲᠠᠯᠪᠢᠭᠴᠢ ᠵᠡᠷᠭᠡ ᠤᠯᠠᠨ ᠳᠦᠷᠢ ᠪᠠᠷ ᠰᠠᠶᠢᠨ ᠰᠠᠶᠢᠬᠠᠨ ᠭᠡᠷ ᠣᠷᠣᠨ ᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号