ᠮᠠᠨ ᠤ ᠣᠷᠣᠨ ᠳᠤ ᠣᠲᠣ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ 4 ᠪᠠᠶᠢᠵᠤ᠂ | 2024 ᠣᠨ ᠤ 1 - 11 ᠰᠠᠷ᠎ᠠ ᠪᠣᠯᠲᠠᠯ᠎ᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠵᠠᠰᠠᠮᠠᠯ ᠵᠠᠮ ᠤᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 128.75 ᠲᠦᠮᠡᠨ ᠲᠣᠨ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 73% ᠨᠡᠮᠡᠭᠳᠡᠵᠦ᠂ ᠠᠷᠠᠯᠵᠢᠶᠠᠨ ᠤ ᠬᠡᠮᠵᠢᠶ᠎ᠡ 6410 ᠲᠦᠮᠡᠨ ᠲᠥᠭᠦᠷᠢᠭ ᠲᠤ | ᠬᠦᠷᠴᠡᠶ᠃ ᠮᠠᠨ ᠤ ᠲᠤᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠨ | ᠪᠤᠵᠠᠭᠠᠶᠢᠷᠠᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠡᠷᠬᠢᠨ ᠲᠣᠭᠤᠷᠢᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠳᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ | ᠢᠳᠡᠪᠬᠢᠲᠡᠶ ᠪᠠᠷ ᠲᠠᠨᠢᠯᠴᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠯᠬᠢᠯᠡᠵᠦ | ᠂ ᠬᠡᠪᠴᠢᠶ᠎ᠡ ᠶᠢ ᠥᠷᠭᠡᠳᠬᠡᠪᠡ᠃ ᠠᠵᠤ ᠠᠬᠤᠶᠢᠯᠠᠯ ᠤᠨ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ | ᠠᠬᠤᠶᠢᠯᠠᠯ ᠢ ᠬᠠᠪᠰᠤᠷᠤᠨ ᠭᠠᠶᠢᠯᠢ ᠶᠢᠨ ᠫᠢᠶᠣᠣ ᠪᠠ ᠬᠥᠮᠥᠷᠭᠡᠯᠡᠨ ᠬᠠᠳᠠᠭᠠᠯᠠᠬᠤ ᠥᠬᠡᠶ ᠠᠶᠤᠯᠲᠠᠶ ᠬᠢᠮᠢ ᠶᠢᠨ | ᠪᠣᠳᠠᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠬᠦᠢᠴᠡᠳᠬᠡᠬᠦ ᠵᠡᠷᠭᠡ ᠬᠠᠮᠢᠶ᠎ᠠ ᠪᠥᠬᠦᠶ ᠠᠰᠠᠭᠤᠳᠠᠯ ᠢ | ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠦᠨᠡᠨᠬᠦ ᠠᠬᠢᠭᠤᠯᠤᠨ᠎ᠠ᠃ ᠡᠭᠦᠨ ᠤ ᠬᠠᠮᠲᠤ | ᠬᠤᠲᠠ ᠶᠢᠨ ᠱᠠᠲᠤᠨ ᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠥᠷᠥ ᠶᠢᠨ ᠪᠣᠳᠣᠯᠭ᠎ᠠ ᠳᠤ ᠵᠠᠰᠠᠪᠤᠷᠢ | ᠣᠷᠣᠭᠤᠯᠤᠭᠰᠠᠨ ᠪᠠᠶᠢᠳᠠᠯ ᠢ ᠦᠷᠭᠦᠯᠵᠢᠯᠡᠨ ᠳᠠᠭᠠᠵᠤ ᠪᠤᠢ᠃ | ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠪᠤᠰᠤᠳ ᠭᠤᠤᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ | ᠠᠵᠤ ᠠᠬᠤᠶᠢᠯᠠᠯ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠲᠠᠢ ᠦᠷᠭᠦᠯᠵᠢᠯᠡᠨ | ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠤᠨ ᠬᠡᠪᠴᠢᠶ᠎ᠡ ᠪᠠᠨ | ᠥᠷᠭᠡᠳᠬᠡᠬᠦ ᠶᠢᠨ ᠬᠠᠮᠲᠤ᠂ ᠲᠣᠰ ᠭᠠᠵᠠᠷ ᠣᠷᠣᠨ ᠵᠢᠴᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠢᠳᠡᠪᠬᠢᠲᠡᠶ | ᠵᠣᠯᠭᠠᠭᠤᠯᠵᠤ᠂ ᠮᠠᠨ ᠤ ᠲᠣᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ | ᠲᠠᠨᠢᠯᠴᠠᠭᠤᠯᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ | ᠲᠠᠪᠴᠠᠩ ᠤᠨ ᠠᠵᠤ ᠠᠬᠤᠶᠢᠯᠠᠯ ᠳᠤ ᠨᠡᠪᠲᠡᠷᠡᠯᠴᠡᠬᠦ ᠬᠥᠭᠦᠷᠭᠡ ᠲᠠᠯᠪᠢᠵᠤ ᠥᠭᠭᠦᠨ᠎ᠡ᠃ |