ᠡᠨᠡ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠰᠡᠳᠬᠢᠴᠡ ᠶᠢᠨ ᠡᠷᠡᠭᠦᠯ ᠮᠡᠨᠳᠦ ᠶᠢᠨ ᠡᠪᠯᠡᠯ ᠤᠨ ᠪᠠᠶᠢᠭᠤᠯᠥᠯᠳᠠ ᠨᠢ ᠰᠠᠨᠠᠭ᠎ᠠ ᠰᠡᠳᠬᠢᠯ ᠢ ᠴᠡᠨᠡᠭᠯᠡᠵᠡᠢ
ᠨᠡᠶᠢᠲᠡᠯᠡᠭᠰᠡᠨ ᠴᠠᠭ᠄
2024/12/10
    ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠭᠠᠵᠤ᠂ ᠵᠠᠯᠠᠭᠤᠴᠤᠳ ᠪᠠᠭᠠᠴᠤᠳ ᠤᠨ ᠤᠷᠮ᠎ᠠ ᠰᠡᠳᠬᠢᠯᠭᠡ ᠶᠢᠨ ᠲᠤᠬᠠᠢ ᠲᠠᠨᠢᠯᠲᠠ ᠪᠠ ᠥᠪᠡᠷ ᠢ ᠪᠠᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠨᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠲᠠᠢ ᠬᠠᠮᠳᠤᠷᠠᠨ ᠪᠤᠭᠤᠲᠤ ᠬᠤᠲᠠ ᠶᠢᠨ ᠨᠡᠶᠢᠭᠡᠮ ᠤᠨ ᠠᠵᠢᠯ ᠤᠨ ᠬᠥᠭᠵᠢᠯᠲᠡ ᠶᠢᠨ ᠲᠥᠪ ᠤᠨ ᠰᠡᠳᠬᠢᠴᠡ ᠶᠢᠨ ᠯᠠᠪᠯᠠᠯᠲᠠ ᠶᠢᠨ ᠪᠠᠭᠰᠢ ᠼᠤᠤ ᠶᠠᠨ ᠢ ᠤᠷᠢᠵᠤ ᠪᠤᠭᠤᠲᠤ ᠬᠤᠲᠠ ᠶᠢᠨ ᠳᠥᠴᠢᠨ ᠵᠢᠷᠭᠤᠳᠤᠭᠠᠷ ᠳᠤᠮᠳᠠᠳᠤ ᠰᠤᠷᠭᠠᠭᠤᠯᠢ  ᠶᠢᠨ ᠰᠤᠷᠤᠭᠴᠢᠳ ᠲᠤ ᠨᠢᠭᠡᠨ ᠤᠳᠠᠭᠠᠨ ᠤ ᠠᠭᠤᠯᠭ᠎ᠠ ᠪᠠᠷ ᠪᠠᠶᠠᠯᠢᠭ ᠰᠡᠳᠬᠢᠴᠡ ᠶᠢᠨ  ᠯᠠᠪᠯᠠᠯᠭ᠎ᠠ ᠶᠢᠨ  ᠡᠪᠯᠡᠯ ᠤᠨ ᠪᠠᠶᠢᠭᠤᠯᠥᠯᠳᠠ ᠠᠵᠢᠯᠯᠠᠭ᠎ᠠ ᠶᠢ  ᠦᠷᠨᠢᠭᠦᠯᠵᠤ᠂  ᠵᠣᠷᠢᠯᠭ᠎ᠠ ᠨᠢ ᠰᠤᠷᠤᠭᠴᠢᠳ ᠢ ᠬᠠᠪᠰᠤᠷᠤᠨ ᠰᠡᠳᠬᠢᠴᠡ ᠶᠢᠨ ᠤᠶᠠᠨ ᠬᠠᠳᠠᠨ ᠴᠢᠨᠠᠷ ᠢ ᠨᠢ ᠴᠢᠩᠭᠠᠳᠭᠠᠵᠤ᠂ ᠵᠠᠯᠠᠭᠤ ᠨᠠᠰᠤᠨ ᠤ ᠵᠠᠮ ᠳᠤ ᠭᠡᠷᠡᠯ ᠭᠢᠯᠪᠠᠭ᠎ᠠ  ᠪᠠᠨ ᠰᠠᠴᠤᠷᠠᠭᠤᠯᠬᠤ ᠭᠡᠰᠡᠨ ᠶᠤᠮ ᠃    ᠬᠥᠳᠡᠯᠭᠡᠭᠡᠨ ᠡᠬᠢᠯᠡᠬᠦ ᠳᠤ᠂  ᠮᠥᠰᠥ ᠡᠪᠳᠡᠬᠦ ᠲᠣᠭᠯᠠᠭᠠᠮ ᠨᠢ ᠰᠤᠷᠤᠭᠴᠢᠳ ᠤᠨ ᠬᠤᠭᠤᠷᠣᠨᠳᠣᠬᠢ  ᠵᠠᠢ ᠵᠠᠪᠰᠠᠷ ᠢ ᠦᠳᠲᠡᠷ ᠲᠦᠷᠭᠡᠨ ᠣᠶᠢᠷᠠᠳᠤᠭᠤᠯᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠪᠠᠶᠠᠷ ᠪᠠᠶᠠᠰᠬᠤᠯᠠᠩ ᠲᠠᠢ ᠪᠣᠯᠭᠠᠵᠤ᠂  ᠰᠤᠷᠤᠭᠴᠢᠳ ᠤᠨ ᠬᠤᠭᠤᠷᠣᠨᠳᠣᠬᠢ ᠲᠠᠨᠢᠯ ᠪᠤᠰᠤ ᠲᠦᠷᠦᠭᠳᠡᠯ ᠪᠠᠷ  ᠪᠠᠶᠠᠷ ᠴᠡᠩᠭᠡᠯ ᠤᠨ ᠳᠤᠮᠳᠠ ᠠᠷᠢᠯᠪᠠ᠃ ᠵᠠᠯᠭᠠᠭᠠᠳ ︽ᠨᠢᠭᠡ ᠮᠢᠨᠦ᠋ᠲ ᠤᠨ ᠦᠨ᠎ᠡ ᠥᠷᠲᠡᠭ︾  ᠭᠡᠬᠦ ᠳᠤᠭᠤᠶᠢᠯᠠᠩ ᠤᠨ ᠠᠵᠢᠯᠯᠠᠭ᠎ᠠ ᠨᠢ ᠬᠠᠮᠲᠤ ᠰᠤᠷᠤᠭᠴᠢᠳ ᠢ ᠨᠢᠭᠡ ᠮᠢᠨᠦ᠋ᠲ  ᠤᠨ ᠳᠣᠲᠤᠷ᠎ᠠ ᠶᠠᠮᠠᠷ ᠤᠴᠢᠷ ᠶᠠᠪᠤᠳᠠᠯ ᠢ ᠪᠡᠶᠡᠯᠡᠭᠦᠯᠵᠦ ᠴᠢᠳᠠᠬᠤ  ᠪᠠᠨ ᠲᠣᠭᠠᠴᠢᠭᠤᠯᠵᠤ᠂ ᠬᠠᠮᠲᠤ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠴᠠᠭ  ᠮᠦᠴᠡ ᠶᠢᠨ ᠡᠷᠬᠢᠮ ᠨᠠᠨᠳᠢᠨ ᠪᠠ ᠠᠮᠢ ᠨᠠᠰᠤᠨ ᠤ ᠠᠴᠢ ᠬᠤᠯᠪᠣᠭᠳᠠᠯ ᠢ ᠭᠦᠨᠵᠡᠭᠡᠢ ᠪᠣᠳᠣᠯᠬᠢᠯᠠᠭᠤᠯᠵᠠᠢ᠃  ᠣᠯᠠᠨ ᠢᠶᠠᠷ ᠢᠶᠠᠨ ᠬᠠᠮᠲᠤ ᠰᠠᠭᠤᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠦᠵᠡᠯ ᠰᠠᠨᠠᠭᠠᠨ ᠤ ᠮᠥᠷᠭᠦᠯᠳᠦᠯ ᠳᠤᠮᠳᠠ᠂ ᠥᠪᠡᠷ ᠤᠨ ᠥᠷᠲᠡᠭ ᠪᠣᠯᠤᠨ ᠠᠮᠢᠳᠤᠷᠠᠯ ᠤᠨ ᠬᠠᠷᠠᠯᠲᠠ ᠶᠢᠨ ᠲᠤᠬᠠᠢ ᠨᠡᠩ ᠲᠣᠳᠣᠷᠬᠠᠢ  ᠲᠠᠨᠢᠵᠤ ᠮᠡᠳᠡᠬᠦ ᠪᠣᠯᠪᠠ᠃    ᠲᠠᠷᠠᠭᠠᠴᠢ ᠶᠢᠨ ᠤᠬᠠᠭᠠᠨ ᠰᠠᠨᠠᠭᠠᠨ ᠤ ᠰᠤᠷᠭᠠᠭᠤᠯᠢᠯᠠᠯ ᠤᠨ ᠭᠤᠭᠴᠤᠭ᠎ᠠ  ᠳᠤ ᠰᠤᠷᠤᠭᠴᠢᠳ  ᠣᠳᠣᠬᠠᠨ ᠤ ᠳᠣᠲᠣᠭᠠᠳᠤ ᠰᠡᠳᠬᠢᠯ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠠᠩᠬᠠᠷᠤᠯ ᠢᠶᠠᠨ  ᠲᠦᠪᠯᠡᠷᠡᠭᠦᠯᠬᠦ ᠶᠢ ᠰᠤᠷᠤᠭᠰᠠᠨ ᠪᠠᠶᠢᠨ᠎ᠠ᠃ ᠪᠠᠭᠰᠢ ᠶᠢᠨ  ᠵᠢᠯᠣᠭᠤᠳᠣᠯᠭ᠎ᠠ ᠳᠣᠣᠷ᠎ᠠ᠂ ᠣᠯᠠᠨ ᠢᠶᠠᠷ ᠢᠶᠠᠨ ᠨᠢᠳᠦ ᠪᠠᠨ ᠠᠨᠢᠵᠤ᠂ ᠭᠦᠨ  ᠠᠮᠢᠰᠬᠤᠯᠯᠠᠵᠤ᠂ ᠪᠡᠶ᠎ᠡ ᠰᠡᠳᠬᠢᠯ ᠢᠶᠠᠨ ᠠᠮᠠᠷᠠᠭᠠᠵᠤ᠂ ᠭᠱᠠᠨ ᠵᠠᠭᠤᠷ᠎ᠠ ᠶᠢᠨ ᠨᠠᠮ ᠵᠢᠮ  ᠪᠠ ᠬᠦᠴᠦᠨ  ᠡᠨᠧᠷᠬᠢ ᠶᠢ ᠮᠡᠳᠡᠷᠡᠵᠦ᠂ ᠰᠤᠷᠤᠯᠴᠠᠯᠭ᠎ᠠ ᠪᠠ ᠠᠮᠢᠳᠤᠷᠠᠯ ᠤᠨ ᠳᠠᠷᠤᠯᠲᠠ ᠶᠢ ᠠᠷᠭᠠᠴᠠᠬᠤ ᠳᠤ ᠰᠢᠨ᠎ᠡ ᠠᠷᠭ᠎ᠠ ᠵᠠᠮ ᠣᠯᠵᠠᠢ᠃    ᠬᠠᠮᠤᠭ ᠡᠴᠦᠰ ᠲᠤ᠂ ᠨᠢᠭᠡ ᠮᠢᠨᠦ᠋ᠲ ᠤᠨ ᠠᠯᠠᠭ᠎ᠠ  ᠲᠠᠰᠢᠯᠲᠠ ᠶᠢᠨ ᠥᠷᠢᠰᠥᠯᠳᠦᠭᠡᠨ ᠨᠢ ᠬᠢᠴᠢᠶᠡᠯ ᠢ ᠣᠷᠭᠢᠯ ᠳᠤ ᠬᠦᠷᠭᠡᠪᠡ᠃ ᠬᠠᠮᠲᠤ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠥᠷᠢᠰᠥᠯᠳᠦᠭᠡᠨ ᠤ ᠳᠤᠮᠳᠠ ᠥᠪᠡᠷ ᠢ ᠪᠠᠨ ᠲᠠᠰᠤᠷᠠᠯᠲᠠ ᠦᠭᠡᠢ ᠰᠢᠪᠲᠤᠯᠵᠤ᠂ ᠲᠤᠰ ᠪᠡᠶ᠎ᠡ ᠶᠢᠨ ᠳᠠᠯᠳᠠ ᠴᠢᠳᠠᠪᠤᠷᠢ ᠶᠢᠨ ᠬᠢᠵᠠᠭᠠᠯᠠᠰᠢ ᠦᠭᠡᠢ ᠪᠣᠯᠤᠯᠴᠠᠭ᠎ᠠ ᠶᠢ ᠮᠡᠳᠡᠷᠡᠪᠡ᠃ ᠡᠨᠡ ᠪᠣᠯ ᠨᠢᠭᠡᠨ ᠳᠥᠭᠦᠮ ᠥᠷᠢᠰᠥᠯᠳᠦᠭᠡᠨ ᠪᠣᠯᠬᠤ ᠪᠠᠷ ᠪᠠᠷᠠᠬᠤ ᠦᠭᠡᠢ᠂ ᠨᠡᠩ ᠴᠤ ᠥᠪᠡᠷ ᠤᠨ ᠢᠲᠡᠭᠡᠯ ᠪᠠ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠬᠤ ᠶᠠᠪᠤᠳᠠᠯ ᠪᠣᠯᠤᠨ᠎ᠠ᠃    ᠲᠤᠰ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠡᠪᠯᠡᠯ ᠤᠨ ᠪᠠᠶᠢᠭᠤᠯᠥᠯᠳᠠ ᠨᠢ ᠪᠠᠶᠠᠯᠢᠭ ᠰᠠᠶᠢᠬᠠᠨ ᠠᠵᠢᠯᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠥᠪᠡᠷ ᠢ ᠪᠠᠨ ᠨᠡᠩ ᠰᠠᠶᠢᠲᠤᠷ ᠲᠠᠨᠢᠭᠤᠯᠵᠤ᠂ ᠤᠷᠮ᠎ᠠ ᠰᠡᠳᠬᠢᠯᠭᠡ ᠶᠢ ᠨᠢ  ᠡᠵᠡᠮᠳᠡᠭᠦᠯᠵᠤ᠂ ᠰᠡᠳᠬᠢᠴᠡ ᠶᠢᠨ ᠤᠶᠠᠨ ᠬᠠᠳᠠᠨ ᠴᠢᠨᠠᠷ ᠢ ᠨᠢ ᠳᠡᠭᠡᠭᠰᠢᠯᠡᠭᠦᠯᠪᠡ᠃ ᠢᠷᠡᠭᠡᠳᠦᠢ ᠳᠤ᠂ ᠲᠣᠭᠤᠷᠢᠭ ᠤᠨ ᠡᠪᠯᠡᠯ ᠤᠨ ᠬᠤᠷᠢᠶ᠎ᠠ ᠦᠷᠭᠦᠯᠵᠢᠯᠡᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠳᠤ ᠵᠢᠳᠬᠦᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠣᠶᠤᠨ ᠰᠠᠨᠠᠭᠠᠨ ᠤ ᠦᠰᠦᠨ ᠪᠤᠶᠢᠵᠢᠯᠲᠠ ᠶᠢ ᠬᠠᠮᠠᠭᠠᠯᠠᠵᠤ᠂ ᠲᠡᠳᠡᠨ ᠤ ᠵᠠᠯᠠᠭᠤ ᠨᠠᠰᠤᠨ ᠤ ᠵᠠᠮ ᠳᠡᠭᠡᠷ᠎ᠡ ᠡᠷᠡᠯᠬᠡᠭᠯᠡᠨ ᠤᠷᠤᠭᠰᠢᠯᠠᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠳᠤ ᠬᠦᠴᠦᠨ ᠨᠡᠮᠡᠷᠢᠯᠡᠨ᠎ᠡ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号