ᠨᠠᠰᠤᠳᠠᠢ ᠬᠦᠮᠦᠨ ᠤ ᠭᠡᠷᠡᠭᠯᠡᠳᠡᠭ ᠭᠠᠷ ᠤᠳᠠᠰᠤ ᠨᠢ ᠶᠠᠮᠠᠷᠴᠤ ᠭᠠᠷ ᠤᠲᠠᠰᠤ ᠶᠢᠨ ᠥᠷᠲᠡᠭ ᠨᠡᠮᠡᠭᠳᠡᠯ ᠤᠨ | ᠲᠤᠬᠠᠶᠢᠯᠠᠭᠰᠠᠨ ᠠᠵᠢᠯ ᠤᠨ ᠴᠢᠳᠠᠮᠵᠢ ᠶᠢ ᠨᠡᠭᠡᠭᠡᠭᠰᠡᠨ ᠦᠭᠡᠢ ᠪᠠᠷ ᠬᠠᠷᠢᠨ ᠥᠷᠲᠡᠭ ᠨᠡᠮᠡᠭᠳᠡᠯ ᠤᠨ ᠦᠢᠯᠡᠴᠢᠯᠡᠭᠡ | ᠦᠪᠡᠰᠤᠪᠡᠨ ᠵᠠᠬᠢᠶᠠᠯᠠᠭᠳᠠᠵᠤ᠂ ᠭᠠᠷ ᠤᠲᠠᠰᠤ ᠬᠡᠷᠡᠭᠯᠡᠭᠴᠢ ᠶᠢᠨ ᠰᠦᠢᠳᠬᠡᠯ ᠢ ᠨᠢᠭᠤᠴᠠ ᠪᠠᠷ ᠰᠠᠭᠤᠯᠭᠠᠨ ᠠᠪᠴᠠᠢ᠂ | ᠨᠡᠩ ᠴᠤ ᠬᠦᠮᠦᠰ ᠤᠨ ᠰᠠᠨᠠᠭᠠᠨ ᠳᠤ ᠤᠷᠤᠬᠰᠠᠨ ᠦᠭᠡᠢ ᠶᠠᠪᠤᠳᠠᠯ ᠭᠡᠪᠡᠯ ᠪᠦᠬᠦ ᠤᠯᠤᠰ ᠲᠤ 98 ᠲᠦᠮᠡᠨ ᠭᠠᠷ | ᠤᠲᠠᠰᠤ ᠡᠶᠢᠮᠦ ᠲᠣᠬᠢᠶᠠᠯᠳᠤᠯ ᠳᠤ ᠤᠴᠠᠷᠠᠬᠰᠠᠨ ᠪᠠᠶᠢᠨ᠎ᠠ᠃ | ︽ᠪᠢ ᠡᠵᠡᠩᠨᠡᠯᠲᠡ ᠶᠢᠨ ᠲᠢᠩᠬᠢᠮ ᠠᠴᠠ ᠨᠠᠰᠤᠳᠠᠢ ᠬᠦᠮᠦᠨ ᠤ ᠭᠡᠷᠡᠭᠯᠡᠳᠡᠭ ᠨᠢᠭᠡᠨ ᠭᠠᠷ ᠤᠳᠠᠰᠤ ᠬᠤᠳᠠᠯᠳᠤᠨ | ᠠᠪᠬᠤ ᠳᠠᠭᠠᠨ᠂ ᠶᠠᠮᠠᠷᠴᠤ ᠭᠠᠷ ᠤᠲᠠᠰᠤ ᠶᠢᠨ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠴᠢᠳᠠᠮᠵᠢ | ᠨᠡᠭᠡᠭᠡᠯᠭᠡᠭᠰᠡᠨ ᠦᠭᠡᠢ ᠪᠠᠷ ᠬᠠᠷᠢᠨ ᠪᠠᠶᠢᠳᠠᠯ ᠢ ᠮᠡᠳᠡᠬᠦ ᠦᠭᠡᠢ ᠪᠠᠶᠢᠳᠠᠯ ᠳᠣᠣᠷ᠎ᠠ ᠮᠢᠨᠦ ᠭᠠᠷ ᠤᠲᠠᠰᠤ ᠲᠡᠭᠡᠷ᠎ᠡ ᠨᠢᠭᠡ | ᠵᠦᠢᠯ ᠤᠨ ︿ᠵᠡᠭᠦᠳᠦ ᠰᠦᠯᠵᠢᠶᠡᠨ ᠤ ᠣᠬᠤᠷ ᠮᠡᠳᠡᠭᠡ﹀ ᠤᠨ ᠲᠤᠬᠠᠢᠯᠠᠭᠰᠠᠨ ᠠᠵᠢᠯ ᠵᠠᠬᠢᠶᠠᠯᠠᠬᠳᠠᠵᠦ᠂ ᠰᠠᠷ᠎ᠠ | ᠪᠤᠯᠭᠠᠨ 6 ᠲᠥᠭᠦᠷᠢᠭ ᠠᠴᠠ 10 ᠲᠥᠭᠦᠷᠢᠭ ᠤᠨ ᠬᠤᠭᠤᠷᠤᠨᠳᠤ ᠠᠳᠠᠯᠢ ᠪᠤᠰᠤ ᠬᠡᠮᠵᠢᠶ᠎ᠡ ᠪᠠᠷ ᠭᠠᠷ ᠤᠳᠠᠰᠤᠨ ᠤ | ᠰᠦᠢᠳᠭᠡᠯ ᠰᠠᠭᠤᠯᠭᠠᠨ ᠠᠪᠴᠤ᠂ ᠨᠢᠭᠡ ᠵᠢᠯ ᠪᠣᠯᠤᠭ᠎ᠠ ᠦᠭᠡᠢ ᠪᠠᠷ 60 ᠭᠠᠷᠤᠢ ᠲᠦᠭᠦᠷᠢᠭ ᠰᠠᠭᠤᠯᠭᠠᠨ ᠠᠪᠴᠠᠢ᠂ | ᠡᠨᠡ ᠨᠢ ᠪᠠᠷᠤᠭ ᠭᠠᠷ ᠤᠳᠠᠰᠤᠨ ᠳᠤ ᠸᠢᠷᠦ᠋ᠰ ᠤᠷᠤᠬᠰᠠᠨ ᠪᠠᠶᠢᠬ᠎ᠠ ᠭᠡᠵᠦ ᠪᠢ ᠰᠡᠵᠢᠭᠯᠡᠵᠦ ᠪᠠᠶᠢᠨ᠎ᠠ︾ ᠭᠡᠬᠦ | ᠮᠡᠳᠦ ᠪᠠᠷ ᠬᠡᠷᠡᠭ ᠮᠡᠳᠡᠭᠦᠯᠦᠭᠰᠡᠨ ᠣᠯᠠᠨ ᠨᠠᠰᠤᠲᠠᠨ ᠤ ᠢᠷᠡᠬᠦᠯᠦᠭᠰᠡᠨ ᠤᠳᠠᠰᠤ ᠶᠢ 2023 ᠣᠨ ᠤ 2 ᠰᠠᠷ᠎ᠠ ᠳᠤ | ᠵᠢᠶᠠᠩᠰᠦ ᠮᠣᠵᠢ ᠶᠢᠨ ᠴᠠᠩᠵᠸᠦ ᠬᠤᠲᠠ ᠶᠢᠨ ᠲᠠᠨ ᠲᠤᠭᠤᠷᠢᠭ ᠤᠨ ᠴᠠᠬᠳᠠᠭᠠᠨ ᠲᠠᠯ᠎ᠠ ᠶᠢᠨ ᠬᠢᠨ ᠲᠤᠰᠴᠠᠢ᠃ | ᠲᠡᠭᠡᠭᠡᠳ ᠴᠠᠭᠳᠠᠭᠠᠨ ᠤ ᠲᠠᠯ᠎ᠠ ᠶᠢᠨ ᠬᠢᠨ ᠭᠠᠷ ᠤᠲᠠᠰᠤᠨ ᠠᠴᠠ ︽ᠰᠠᠭᠤᠯᠭᠠᠨ ᠠᠪᠤᠬᠰᠠᠨ ᠠᠦ᠋ᠲ᠋ᠣ᠋ ᠰᠦᠢᠳᠭᠡᠯ︾ | ᠤᠨ ᠲᠤᠭ᠎ᠠ ᠪᠠᠷᠢᠮᠲᠠ ᠶᠢ ᠵᠠᠳᠠᠯᠤᠨ ᠨᠡᠬᠡᠮᠵᠢᠯᠡᠬᠦ ᠪᠠᠷ ᠳᠠᠮᠵᠢᠨ᠂ ᠡᠳᠡᠭᠡᠷ ᠭᠠᠷ ᠤᠲᠠᠰᠤᠨ ᠤ ᠰᠦᠯᠵᠢᠶᠡᠨ ᠲᠤᠭ᠎ᠠ | ᠪᠠᠷᠢᠮᠲᠠ ᠨᠢ ᠪᠦᠷ ᠱᠧᠨᠵᠧᠨ ᠳᠤ ᠭᠠᠷᠭᠠᠭᠰᠠᠨ ᠦᠢᠯᠡᠴᠢᠯᠡᠭᠦᠷ ᠲᠠᠢ ᠬᠠᠮᠢᠶᠠᠳᠠᠢ ᠪᠦᠭᠡᠳ ᠡᠳᠡᠭᠡᠷ ᠨᠠᠰᠤᠳᠠᠢ | ᠬᠦᠮᠦᠨ ᠤ ᠭᠡᠷᠡᠭᠯᠡᠳᠡᠭ ᠭᠠᠷ ᠤᠳᠠᠰᠤ ᠶᠢ ᠡᠨᠡ ᠦᠢᠯᠡᠴᠢᠯᠡᠭᠦᠷ ᠠᠯᠤᠰ ᠠᠴᠠ ᠡᠷᠭᠡᠰᠢᠶᠡᠭᠰᠡᠨ ᠠᠴᠠ ᠪᠤᠯᠵᠤ ︽ | ᠠᠦ᠋ᠲ᠋ᠣ᠋ ᠵᠠᠬᠢᠶᠠᠯᠠᠭ᠎ᠠ︾ ᠶᠢᠨ ᠥᠷᠲᠡᠭ ᠨᠡᠮᠡᠭᠳᠡᠯ ᠤᠨ ᠲᠤᠬᠠᠢᠯᠠᠭᠰᠠᠨ ᠠᠵᠢᠯ ᠪᠤᠢ ᠪᠤᠯᠵᠤ ᠪᠠᠶᠢᠬᠤ ᠶᠢ ᠤᠯᠵᠤ | ᠮᠡᠳᠡᠵᠡᠢ᠃ ᠪᠠᠰᠠ ᠪᠠᠶᠢᠴᠠᠭᠠᠯᠲᠠ ᠬᠢᠬᠦ ᠪᠠᠷ ᠲᠠᠮᠵᠢᠭᠠᠳ᠂ ᠪᠥᠬᠦ ᠤᠯᠤᠰ ᠲᠤ 98 ᠲᠦᠮᠡᠨ ᠭᠠᠷ ᠤᠲᠠᠰᠤ ᠳᠤ | ᠭᠠᠷ ᠤᠳᠠᠰᠤᠨ ᠤ ᠡᠵᠡᠨ ᠪᠢᠰᠢ ᠪᠠᠶᠢᠳᠠᠯ᠎ᠠ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠵᠠᠬᠢᠶᠠᠯᠠᠭ᠎ᠠ ᠪᠤᠢ | ᠪᠤᠯᠤᠬᠰᠠᠨ ᠪᠠᠶᠢᠳᠠᠯ ᠤᠷᠤᠰᠢᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 347 ᠲᠦᠮᠡᠨ | ᠲᠥᠭᠦᠷᠢᠭ ᠲᠤ ᠬᠦᠷᠦᠭᠰᠡᠨ ᠢ ᠤᠯᠵᠤ ᠮᠡᠳᠡᠵᠡᠢ᠃ ᠴᠠᠭᠳᠠᠭ᠎ᠠ ᠶᠢᠨ ᠲᠠᠯ᠎ᠠ ᠶᠢᠨ ᠬᠢᠨ ᠪᠠᠷᠢᠨ ᠲᠤᠤᠷ᠎ᠠ ᠪᠠᠨ | ᠱᠧᠨᠵᠧᠨ ᠳᠤ ᠬᠦᠷᠴᠦ ᠦᠢᠯᠡᠴᠢᠯᠡᠭᠦᠷ ᠢ ᠡᠷᠭᠡᠰᠢᠶᠡᠵᠦ ᠪᠠᠶᠢᠬᠰᠠᠨ ᠵᠠᠩ ᠸᠧᠶ ᠱᠧᠩ ᠢ ᠪᠠᠷᠢᠵᠤ ᠠᠪᠤᠭᠰᠠᠨ ᠪᠥᠭᠡᠳ | ᠲᠡᠷᠡ ᠳᠠᠷᠤᠶ ᠳᠤᠨᠢ ᠦᠢᠯᠡᠴᠢᠯᠡᠭᠦᠷ ᠤᠨ ᠲᠤᠭ᠎ᠠ ᠪᠠᠷᠢᠮᠲᠠ ᠶᠢ ᠭᠠᠷᠭᠠᠨ ᠠᠪᠴᠤ᠂ ᠦᠢᠯᠡᠴᠢᠯᠡᠭᠦᠷ ᠢ ᠬᠠᠭᠠᠪᠠ᠃ | 40 ᠨᠠᠰᠤᠲᠠᠢ ᠵᠠᠩ ᠸᠧᠢ ᠱᠧᠩ ᠪᠣᠯ ᠭᠤᠸᠠᠩᠳᠦ᠋ᠩ ᠤᠨ ᠴᠤᠤ ᠶᠠᠩ ᠤᠨ ᠬᠥᠮᠦᠨ ᠶᠤᠮ᠂ ᠤᠤᠯ ᠨᠢ ᠲᠡᠷᠡ ᠭᠠᠷ | ᠤᠲᠠᠰᠤᠨ ᠤ ᠥᠷᠲᠡᠭ ᠨᠡᠮᠡᠭᠳᠡᠯ ᠤᠨ ᠦᠢᠯᠡᠴᠢᠯᠡᠭᠡ ᠣᠷᠣᠯᠠᠬᠤ ᠲᠤᠬᠠᠶᠢᠯᠠᠬᠰᠠᠨ ᠠᠵᠢᠯ ᠢ ᠬᠢᠵᠦ ᠪᠠᠶᠢᠵᠠᠢ᠃ | 2018 ᠣᠨ ᠳᠤ᠂ ᠲᠡᠷᠡ ᠰᠦᠯᠵᠢᠶᠡᠨ ᠳᠡᠭᠡᠷ᠎ᠡ ᠠᠴᠠ ᠭᠠᠷ ᠤᠲᠠᠰᠤᠨ ᠤ ᠥᠷᠲᠡᠭ ᠨᠡᠮᠡᠭᠳᠡᠯ ᠤᠨ ᠨᠢᠭᠡ | ᠦᠢᠯᠡᠴᠢᠯᠡᠭᠡᠨ ᠤ ᠺᠣᠳ᠋ ᠬᠤᠳᠠᠯᠳᠤᠨ ᠠᠪᠴᠠᠢ᠃ ︽ᠡᠨᠡ ᠺᠣᠳ᠋ ᠨᠢ ᠴᠢᠳᠠᠮᠵᠢ ᠶᠢᠨ ᠮᠠᠰᠢᠨ ᠤ ᠲᠣᠭᠯᠠᠭᠠᠮ ᠢᠶᠠᠷ | ᠳᠠᠮᠵᠢᠨ ᠪᠡᠯᠡᠨ ᠵᠤᠭᠤᠰ ᠪᠤᠯᠭᠠᠨ ᠠᠪᠴᠤ ᠪᠤᠯᠳᠠᠭ᠂ ᠶᠠᠭ ︽ᠬᠠᠶᠢᠷᠴᠠᠭ ᠲᠦᠯᠬᠢᠬᠦ︾᠂ ︽ᠬᠤᠪᠳᠤᠭ ᠮᠤᠭᠠᠢ︾ | ᠭᠡᠬᠦ ᠮᠡᠳᠦ ᠶᠢᠨ ᠵᠢᠵᠢᠭ ᠲᠣᠭᠯᠠᠭᠠᠮ ᠰᠢᠭ᠋ ᠵᠣᠬᠢᠬᠤ ᠪᠣᠭᠤᠮᠲᠠ ᠳᠤ ᠬᠦᠷᠦᠭᠰᠡᠨ ᠤ ᠳᠠᠷᠠᠭ᠎ᠠ᠂ ᠬᠡᠷᠡᠭᠯᠡᠭᠴᠢ | ᠠᠷᠤ ᠶᠢᠨ ᠪᠣᠭᠤᠮᠲᠠ ᠶᠢᠨ ᠶᠠᠭᠤᠮᠠᠰ ᠢ ᠬᠤᠳᠠᠯᠳᠤᠨ ᠠᠪᠤᠭᠰᠠᠨ ᠤ ᠬᠤᠶᠢᠨ᠎ᠡ ᠰᠠᠶ᠋ᠢ ᠦᠷᠭᠦᠯᠵᠢᠯᠡᠨ ᠨᠠᠭᠠᠳᠴᠤ | ᠲᠡᠶᠢᠯᠳᠡᠭ᠃ ᠡᠭᠦᠨ ᠠᠴᠠ ᠪᠢ ᠡᠨᠡ ᠬᠦ ᠺᠣᠳ᠋ ᠶᠢ ᠴᠢᠳᠠᠮᠵᠢ ᠶᠢᠨ ᠮᠠᠰᠢᠨ ᠳᠤ ᠣᠷᠣᠭᠤᠯᠵᠤ᠂ ᠳᠠᠬᠢᠨ | ᠦᠢᠯᠡᠴᠢᠯᠡᠭᠦᠷ ᠢᠶᠠᠷ ᠳᠠᠮᠵᠢᠨ ᠠᠯᠤᠰ ᠠᠴᠠ ᠵᠠᠷᠯᠢᠭ ᠪᠠᠭᠤᠯᠭᠠᠪᠠᠯ ᠬᠡᠷᠡᠭᠯᠡᠭᠴᠢ ᠵᠦᠪᠰᠢᠶᠡᠷᠡᠨ ᠨᠤᠳᠠᠯᠠᠬᠤ ᠴᠢᠬᠤᠯᠠ | ᠦᠭᠡᠢ ᠪᠠᠷ ᠬᠡᠷᠡᠭᠯᠡᠭᠴᠢ ᠶᠢᠨ ᠭᠠᠷ ᠤᠲᠠᠰᠤᠨ ᠤ ᠰᠦᠢᠳᠭᠡᠯ ᠢ ᠬᠤᠯᠠᠭᠠᠶᠢᠯᠠᠨ ᠠᠪᠴᠤ ᠪᠤᠯᠤᠨ᠎ᠠ᠂ ᠡᠨᠡ ᠪᠣᠯ | ᠵᠣᠭᠤᠰ ᠣᠯᠬᠤ ᠠᠰᠢᠬᠳᠠᠢ ᠲᠣᠬᠢᠶᠠᠯ ᠮᠥᠨ ᠭᠡᠳᠡᠭ ᠢ ᠪᠢ ᠣᠯᠵᠤ ᠮᠡᠳᠡᠵᠡᠢ︾ ᠭᠡᠵᠦ ᠵᠠᠩ ᠸᠧᠶ ᠱᠧᠩ | ᠥᠴᠢᠭᠯᠡᠵᠡᠢ᠃ ᠵᠠᠩ ᠸᠧᠢ ᠱᠧᠩ ᠤᠨ ᠬᠡᠯᠡᠵᠦ ᠪᠠᠶᠢᠭ᠎ᠠ ᠴᠢᠳᠠᠮᠵᠢᠲᠤ ᠭᠠᠷ ᠤᠳᠠᠰᠤ ᠶᠢ ᠵᠠᠬ᠎ᠠ ᠳᠡᠯᠭᠡᠭᠦᠷ ᠳᠡᠭᠡᠷ᠎ᠡ | ᠭᠤᠣᠯᠳᠠᠭᠤ ᠨᠠᠰᠤᠳᠠᠶᠢᠴᠤᠳ ᠬᠡᠷᠡᠭᠯᠡᠵᠦ ᠪᠠᠶᠢᠨ᠎ᠠ᠂ ᠡᠶᠢᠮᠦᠷᠬᠦᠦ ᠭᠠᠷ ᠤᠲᠠᠰᠤᠨ ᠤ ᠳᠡᠯᠭᠡᠴᠡ ᠪᠠ ᠦᠰᠦᠭ ᠨᠢ | ᠶᠡᠭᠡ ᠪᠤᠯᠬᠤᠷ ᠨᠠᠰᠤᠳᠠᠶᠢᠴᠤᠳ ᠲᠤ ᠶᠡᠭᠡᠳᠡ ᠬᠦᠷᠢᠶᠡᠯᠡᠭᠳᠡᠵᠦ᠂ ︽ᠨᠠᠰᠤᠳᠠᠢ ᠬᠦᠮᠦᠨ ᠤ ᠭᠡᠷᠡᠭᠯᠡᠳᠡᠭ ᠭᠠᠷ ᠤᠳᠠᠰᠤ | ︾ ᠬᠡᠮᠡᠭᠳᠡᠵᠡᠢ᠃ ᠣᠶᠤᠨᠴᠢ ᠮᠠᠰᠢᠨ ᠲᠠᠢ ᠠᠳᠠᠯᠢ ᠦᠭᠡᠢ᠂ ᠨᠠᠰᠤᠳᠠᠢ ᠬᠦᠮᠦᠨ ᠤ ᠭᠡᠷᠡᠭᠯᠡᠳᠡᠭ ᠭᠠᠷ ᠤᠳᠠᠰᠤ ᠨᠢ | ᠳᠥᠭᠦᠮ ᠳᠥᠲᠡ ᠬᠤᠶᠠᠷ ᠬᠡᠮᠵᠢᠯᠳᠦ ᠺᠣᠳ᠋ ᠰᠢᠷᠪᠢᠵᠦ ᠲᠤᠭᠠᠴᠠᠭ᠎ᠠ ᠬᠢᠬᠦ ᠴᠢᠳᠠᠮᠵᠢ ᠦᠭᠡᠢ᠂ ᠵᠥᠪᠬᠡᠨ ᠣᠬᠤᠷ | ᠮᠡᠳᠡᠭᠡ ᠪᠠᠷ ᠵᠠᠬᠢᠶᠠᠯᠠᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠭᠠᠴᠠᠭ᠎ᠠ ᠬᠢᠳᠡᠭ᠃ ᠡᠶᠢᠮᠦ ᠠᠴᠠ᠂ ᠶᠠᠯᠠᠲᠤ | ᠡᠲᠡᠭᠡᠳ ᠵᠠᠪᠰᠢᠬᠤ ᠲᠤᠬᠢᠶᠠᠯ ᠲᠠᠢ ᠪᠣᠯᠵᠠᠢ᠃ | | | | | |