ᠯᠢᠦ ᠵᠢᠶᠦ᠋ᠨ ᠢ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/12
    12 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃    ᠯᠢᠦ ᠵᠢᠶᠦ᠋ᠨ ᠢ ᠤᠷᠢᠳ ᠬᠤᠵᠢᠳ ᠵᠢᠦ ᠶᠤᠸᠠᠨ ᠠᠮᠤ ᠪᠤᠳᠠᠭ᠎ᠠ ᠬᠤᠳᠠᠯᠳᠤᠨ ᠠᠪᠴᠤ ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠶᠠᠷᠬᠤᠳᠳᠤᠭ ᠤᠨ ᠠᠮᠤ ᠪᠤᠳᠠᠭᠠᠨ ᠤ ᠬᠥᠮᠥᠷᠭᠡ᠂  ᠬᠤᠶᠠᠷᠬᠤᠳᠳᠤᠭ ᠪᠠᠯᠭᠠᠰᠤᠨ ᠤ ᠮᠢᠨ ᠱᠧᠩ ᠳᠣᠯᠣᠳᠤᠭᠠᠷ ᠲᠣᠰᠬᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ᠂  ᠬᠤᠶᠠᠷᠬᠤᠳᠳᠤᠭ ᠪᠠᠯᠭᠠᠰᠤᠨ ᠤ ᠮᠢᠨ ᠱᠧᠩ ᠲᠣᠰᠬᠤᠨ ᠤ ᠲᠠᠷᠢᠶᠠᠯᠠᠩ ᠤᠨ ᠤᠰᠤᠯᠠᠯᠲᠠ ᠶᠢᠨ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠪᠤᠭᠤᠲᠤ ᠬᠤᠲᠠ ᠶᠢᠨ ᠰᠢᠶᠠᠩ ᠲᠢᠶᠠᠨ ᠠᠮᠤ ᠲᠣᠰᠣ ᠬᠤᠳᠠᠯᠳᠤᠨ ᠠᠪᠴᠤ ᠪᠣᠷᠣᠯᠠᠭᠤᠯᠬᠤ ᠲᠠᠷᠢᠶᠠᠴᠢᠨ ᠤ ᠲᠤᠰᠬᠠᠢ  ᠬᠤᠷᠢᠰᠶᠠᠵᠢᠯ ᠳᠤ ᠬᠦᠷᠴᠦ᠂ ᠡᠯ᠎ᠡ ᠭᠤᠣᠯ ᠴᠣᠭᠴᠠ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠠᠮᠢᠶ᠎ᠠ ᠪᠦᠬᠦᠢ ᠠᠵᠢᠯ  ᠳᠤ ᠲᠤᠬᠠᠢ ᠶᠢᠨ ᠭᠠᠵᠠᠷ ᠲᠤᠨᠢ ᠵᠢᠯᠣᠭᠤᠳᠣᠯᠭ᠎ᠠ ᠪᠠ ᠪᠠᠶᠢᠷᠢᠯᠠᠭᠤᠯᠤᠯᠲᠠ ᠬᠢᠪᠡ᠃    ᠯᠢᠦ ᠵᠢᠶᠦ᠋ᠨ ᠢ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠪᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠲᠠ ᠬᠠᠮᠵᠢᠯᠴᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃  ᠭᠠᠵᠠᠷ ᠰᠢᠷᠣᠢ ᠶᠢᠨ ᠡᠷᠭᠢᠯᠲᠡ ᠶᠢ ᠲᠦᠷᠭᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠯ ᠢ ᠲᠦᠷᠭᠡᠳᠬᠡᠨ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠣᠭᠲᠠᠭᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠢ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠠᠭ ᠢᠮᠠᠭᠲᠠ ᠪᠠᠲᠤ ᠰᠠᠬᠢᠵᠤ᠂ ᠬᠢᠨᠠᠨ ᠡᠵᠡᠮᠳᠡᠬᠦ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠵᠦ᠂ ᠪᠦᠬᠦ ᠶᠠᠪᠤᠴᠠ ᠶᠢᠨ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ  ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号