ᠬᠢᠨᠠᠨ ᠬᠡᠮᠵᠢᠭᠰᠡᠨ ᠪᠠᠶᠢᠳᠠᠯ ᠢᠶᠠᠨ ᠦᠨᠳᠦᠰᠦᠯᠡᠨ᠂ 11 ᠳ᠋ᠦ᠋ᠭᠡᠷ ᠰᠠᠷ᠎ᠠ ᠳᠤ ᠮᠠᠨ ᠤ ᠣᠷᠣᠨ ᠤ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠦᠨ᠎ᠡ ᠬᠠᠩᠰᠢ ᠨᠢ | ᠵᠣᠬᠢᠰᠲᠠᠶ ᠬᠡᠪᠴᠢᠶᠡᠨ ᠳᠤ ᠪᠠᠭ᠎ᠠ ᠬᠡᠮᠵᠢᠶᠡᠨ ᠤ ᠬᠡᠯᠪᠡᠯᠵᠡᠯ ᠭᠠᠷᠪᠠ᠃ ᠭᠤᠣᠯᠳᠠᠯᠭ᠎ᠠ ᠲᠠᠢ ᠬᠢᠨᠠᠨ ᠬᠡᠮᠵᠢᠭᠰᠡᠨ 35 | ᠵᠦᠢᠯ ᠤᠨ ᠲᠠᠸᠠᠷ ᠤᠨ ᠳᠣᠲᠣᠷ᠎ᠠ᠂ 8 ᠵᠦᠢᠯ ᠤᠨ ᠲᠠᠸᠠᠷ ᠤᠨ ᠦᠨ᠎ᠡ ᠥᠰᠴᠦ᠂ 22.86% ᠶᠢ ᠡᠵᠡᠯᠡᠵᠦ᠂ | 18 ᠵᠦᠢᠯ ᠤᠨ ᠲᠠᠸᠠᠷ ᠤᠨ ᠦᠨ᠎ᠡ ᠪᠠᠭᠤᠷᠠᠵᠤ᠂ 51.43% ᠶᠢ ᠡᠵᠡᠯᠡᠵᠦ᠂ 9 ᠵᠦᠢᠯ ᠤᠨ ᠲᠠᠸᠠᠷ ᠤᠨ ᠦᠨ᠎ᠡ | ᠠᠳᠠᠯᠢ ᠪᠣᠯᠵᠤ᠂ 25.71% ᠶᠢ ᠡᠵᠡᠯᠡᠵᠦ ᠪᠠᠶᠢᠪᠠ᠃ ᠪᠣᠳᠠᠲᠠᠶ ᠪᠠᠶᠢᠳᠠᠯ ᠤᠨ ᠵᠠᠳᠠᠯᠤᠯᠲᠠ ᠨᠢ ᠳᠣᠤᠷᠠᠬᠢ ᠮᠡᠲᠦ᠄ | ᠮᠢᠬᠠᠨ ᠤ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠵᠠᠢ᠃ ᠮᠢᠬᠠᠨ ᠤ ᠲᠥᠷᠥᠯ ᠤᠨ ᠳᠤᠮᠳᠠᠴᠢ ᠦᠨ᠎ᠡ 45.73 | ᠲᠥᠭᠦᠷᠢᠭ / ᠺᠢᠯᠣᠭ᠍ᠷᠠᠮ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.59 % ᠪᠠᠷ ᠪᠠᠭᠤᠷᠠᠪᠠ᠃ ᠵᠢᠦ | ᠵᠢᠶᠦ᠋ᠨ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠥᠯᠢᠭᠡᠷ ᠡᠳ᠋ ᠤᠨ ᠠᠵᠤ | ᠠᠬᠤᠶᠢᠯᠠᠯ ᠤᠨ ᠬᠢᠨᠠᠨ ᠬᠡᠮᠵᠢᠯᠲᠡ ᠶᠢ ᠦᠨᠳᠦᠰᠦᠯᠡᠪᠡᠯ᠂ ᠮᠠᠨ ᠤ ᠣᠷᠣᠨ ᠤ ᠮᠢᠬᠠᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠭᠠᠭ᠋ᠠᠢ ᠶᠢᠨ | ᠮᠢᠬ᠎ᠠ ᠶᠢᠨ ᠵᠠᠬ᠎ᠠ ᠳᠡᠯᠭᠡᠭᠦᠷ ᠨᠢ ᠬᠠᠩᠭᠠᠯᠭ᠎ᠠ ᠶᠢᠨ ᠬᠡᠮᠵᠢᠶ᠎ᠡ ᠬᠠᠷᠢᠴᠠᠩᠭᠤᠢ ᠭᠦᠢᠴᠡᠳ ᠪᠠᠶᠢᠬᠤ ᠪᠠᠶᠢᠳᠠᠯ ᠳᠣᠣᠷ᠎ᠠ᠂ | ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠬᠡᠲᠦᠷᠡᠭᠰᠡᠨ ᠠᠴᠠ ᠦᠨ᠎ᠡ ᠬᠠᠩᠰᠢ ᠪᠠᠭᠤᠷᠠᠪᠠ︔ | ᠡᠭᠦᠨ ᠠᠴᠠ ᠭᠠᠳᠠᠨ᠎ᠠ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠠᠯᠳᠠᠭᠰᠠᠨ ᠪᠠᠶᠢᠳᠠᠯ ᠨᠢ ᠴᠤ ᠦᠬᠡᠷ ᠬᠤᠨᠢᠨ | ᠮᠢᠬᠠᠨ ᠤ ᠦᠨ᠎ᠡ ᠬᠠᠩᠰᠢ ᠶᠢ ᠪᠠᠭᠤᠷᠠᠭᠤᠯᠤᠭᠰᠠᠨ ᠪᠠᠶᠢᠨ᠎ᠠ᠃ ᠵᠢᠱᠢᠯᠲᠡ ᠪᠠᠷ ᠢᠷᠡᠭᠡᠳᠦᠢ ᠶᠢᠨ ᠭᠠᠭ᠋ᠠᠢ ᠶᠢᠨ ᠦᠨ᠎ᠡ | ᠱᠠᠲᠤ ᠦᠶ᠎ᠡ ᠶᠢᠨ ᠴᠢᠨᠠᠷᠲᠠᠢ ᠥᠰᠬᠦ ᠪᠣᠯᠤᠨ᠎ᠠ᠃ | ᠵᠢᠭᠦᠷᠲᠡᠨ ᠤ ᠲᠥᠷᠥᠯ ᠤᠨ ᠦᠨ᠎ᠡ ᠬᠠᠩᠰᠢ ᠲᠣᠭᠲᠠᠭᠤᠨ ᠢᠶᠠᠷ ᠶᠠᠪᠤᠭᠳᠠᠨ᠎ᠠ᠃ ᠮᠠᠨ ᠤ ᠣᠷᠣᠨ ᠤ ᠵᠢᠭᠦᠷᠲᠡᠨ | ᠥᠨᠳᠡᠭᠡᠨ ᠤ ᠲᠥᠷᠥᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠬᠤᠲᠠ ᠶᠢᠨ | ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ ᠪᠣᠯᠤᠨ᠎ᠠ᠃ ᠡᠪᠦᠯ ᠤᠨ ᠤᠯᠠᠷᠢᠯ ᠪᠣᠯ ᠲᠠᠬᠢᠶᠠᠨ ᠥᠨᠳᠡᠭᠡ ᠶᠢᠨ | ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠨᠠᠶ ᠤᠯᠠᠷᠢᠯ ᠪᠥᠭᠡᠳ ᠣᠶᠢᠷ᠎ᠠ ᠶᠢᠨ ᠬᠤᠭᠤᠴᠠᠭᠠᠨ ᠳᠤ ᠭᠠᠭ᠋ᠠᠶ ᠶᠢᠨ ᠮᠢᠬᠠᠨ ᠤ | ᠦᠨ᠎ᠡ ᠪᠠᠭᠤᠷᠠᠵᠤ᠂ ᠪᠠᠰᠠ ᠲᠠᠬᠢᠶᠠᠨ ᠥᠨᠳᠡᠭᠡ ᠶᠢᠨ ᠦᠨ᠎ᠡ ᠬᠠᠩᠰᠢ ᠳᠤ ᠵᠣᠬᠢᠬᠤ ᠬᠡᠮᠵᠢᠶᠡᠨ ᠤ ᠳᠠᠷᠤᠯᠲᠠ | ᠪᠣᠯᠤᠭᠰᠠᠨ ᠪᠠᠶᠢᠨ᠎ᠠ᠃ ᠵᠢᠱᠢᠯᠲᠡ ᠪᠠᠷ ᠬᠤᠶᠢᠰᠢᠳᠠ ᠶᠢᠨ ᠵᠢᠭᠦᠷᠲᠡᠨ ᠤ ᠥᠨᠳᠡᠭᠡᠨ ᠤ ᠲᠥᠷᠥᠯ ᠤᠨ ᠵᠢᠵᠢᠭᠯᠡᠨ | ᠬᠤᠳᠠᠯᠳᠤᠬᠤ ᠦᠨ᠎ᠡ ᠨᠢ ᠲᠣᠭᠲᠠᠪᠤᠷᠢ ᠥᠬᠡᠢ ᠪᠣᠯᠭᠠᠨ᠎ᠠ᠃ | | | | | | | | |