ᠵᠢᠥ ᠶᠤᠸᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/12/16
    ᠪᠥᠬᠦ ᠣᠷᠣᠨ ᠤ ᠬᠠᠶᠠᠭᠳᠠᠮᠠᠯ ᠪᠣᠳᠠᠰ ᠤᠨ ᠨᠢᠭᠡᠴᠢ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠬᠠᠷᠢᠶᠠᠲᠤ ᠣᠷᠣᠨ ᠤ ᠳᠣᠲᠣᠷᠠᠬᠢ ᠭᠤᠤᠯᠳᠠᠯᠭ᠎ᠠ ᠲᠠᠢ ᠪᠤᠰᠤ ᠬᠠᠶᠠᠭᠳᠠᠮᠠᠯ ᠪᠣᠳᠠᠰ ᠤᠨ ᠨᠢᠭᠡᠴᠡ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
11111.jpg
    ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠬᠠᠷᠢᠶ᠎ᠠ ᠣᠷᠣᠨ ᠤ ᠳᠣᠲᠣᠷᠠᠬᠢ 20 ᠰᠢᠬᠠᠮ ᠭᠤᠤᠯᠳᠠᠯᠭ᠎ᠠ ᠲᠠᠢ ᠬᠠᠶᠠᠭᠳᠠᠮᠠᠯ ᠪᠣᠳᠠᠰ  ᠰᠢᠢᠯᠡᠳᠪᠦᠷᠢᠯᠡᠬᠦ ᠨᠢᠭᠡᠴᠡ ᠳᠤ ᠪᠠᠶᠢᠴᠠᠭᠠᠯᠲᠠ ᠬᠢᠵᠡᠶ᠃ ᠡᠭᠦᠨ ᠳᠤ ᠮᠠᠰᠢᠨ ᠰᠡᠯᠪᠢᠨ ᠵᠠᠰᠠᠬᠤ ᠵᠢᠴᠢ ᠮᠠᠰᠢᠨ ᠮᠧᠬᠠᠨᠢᠭ ᠪᠣᠯᠪᠠᠰᠤᠷᠠᠭᠤᠯᠬᠤ ᠵᠡᠷᠭᠡ ᠠᠵᠢᠯ ᠲᠥᠷᠥᠯ ᠢ ᠪᠣᠳᠠᠲᠠᠶ ᠪᠠᠭᠲᠠᠭᠠᠨ᠎ᠠ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠦᠢᠯᠡᠴᠢᠯᠡᠭᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠴᠢᠩᠭ᠎ᠠ ᠪᠤᠰᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠲᠣᠳᠣᠷᠬᠠᠶ ᠥᠬᠡᠶ ᠪᠠᠶᠢᠳᠠᠯ ᠳᠤ ᠴᠢᠭᠯᠡᠭᠦᠯᠦᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠶ ᠬᠠᠶᠠᠭᠳᠠᠮᠠᠯ ᠪᠣᠳᠠᠰ ᠪᠣᠶ ᠪᠣᠯᠬᠤ᠂ ᠬᠠᠳᠠᠭᠠᠯᠠᠬᠤ᠂ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢᠨ ᠲᠤᠬᠠᠶ ᠠᠵᠤ ᠠᠬᠤᠶᠢᠯᠠᠯ ᠳᠤ ᠤᠬᠠᠭᠤᠯᠤᠨ ᠲᠤᠤᠱᠯᠠᠭᠤᠯᠵᠤ ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠬᠦᠯᠢᠴᠡᠩᠭᠦᠶ ᠪᠠᠷ ᠬᠠᠷᠢᠭᠤᠯᠲᠠ ᠥᠭᠴᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠬᠡᠰᠡᠭ ᠨᠢᠭᠡᠴᠡ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠳᠠᠭᠠᠶ ᠣᠪᠣᠭᠠᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠤᠷ ᠵᠢᠷᠤᠮᠵᠢᠯ ᠥᠬᠡᠶ᠂ ᠠᠶᠤᠯᠲᠠᠶ ᠬᠠᠶᠠᠭᠳᠠᠮᠠᠯ ᠪᠣᠳᠠᠰ ᠢ ᠢᠯᠭᠠᠨ ᠲᠠᠨᠢᠬᠤ ᠲᠡᠮᠳᠡᠭ ᠪᠦᠷᠢᠨ ᠪᠤᠰᠤ᠂ ᠡᠬᠡ ᠲᠠᠩᠰᠠ ᠶᠢᠨ ᠲᠡᠮᠳᠡᠭᠯᠡᠯ ᠲᠣᠳᠣᠷᠬᠠᠶ ᠥᠬᠡᠶ ᠵᠡᠷᠭᠡ ᠠᠰᠠᠭᠤᠳᠠᠯ ᠣᠷᠣᠰᠢᠵᠤ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠤᠭᠰᠠᠨ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠷᠯᠢᠭᠳᠠᠨ ᠵᠠᠯᠠᠷᠠᠭᠤᠯᠪᠠ᠃
22222.jpg
    ᠠᠵᠤ ᠠᠬᠤᠶᠢᠯᠠᠯ ᠤᠨ ᠬᠢᠨ ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠤ ᠠᠬᠤᠶᠢᠯᠠᠯ ᠤᠨ ᠳᠣᠲᠣᠭᠠᠳᠤ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠪᠦᠲᠦᠮᠵᠢᠲᠡᠶ ᠠᠬᠢᠭᠤᠯᠵᠤ᠂ ᠲᠠᠷᠠᠭᠠᠴᠢ ᠶᠢᠨ ᠵᠢᠦ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠤᠯᠠᠮ ᠨᠢᠭᠡ ᠠᠯᠬᠤᠮ ᠮᠥᠷᠳᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号