ᠵᠢᠦ ᠶᠤᠸᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠠᠵᠤ  ᠠᠬᠤᠶᠢᠯᠠᠯ ᠤᠨ ᠣᠷᠴᠢᠨ ᠲᠣᠭᠤᠷᠢᠨ ᠤ  ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠬᠤ ᠠᠵᠢᠯ ᠢ ᠰᠠᠶᠢᠲᠤᠷ ᠬᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/12/18
    ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠵᠦ ᠂ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠬᠤ ᠠᠵᠢᠯ ᠢ ᠰᠠᠶᠢᠲᠤᠷ ᠬᠢᠬᠦ ᠶᠢ ᠠᠬᠢᠭᠤᠯᠪᠠ᠃    ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ ᠳᠠᠩᠰᠠᠯᠠᠬᠤ ᠠᠵᠢᠯ ᠢ ᠭᠤᠣᠯᠳᠠᠯᠭ᠎ᠠ ᠲᠠᠢ ᠠᠵᠢᠯ ᠤᠨ ᠨᠢᠭᠡ ᠪᠣᠯᠭᠠᠵᠤ᠂ ᠪᠦᠬᠦ ᠲᠠᠯ᠎ᠠ ᠶᠢᠨ ᠬᠦᠴᠦᠨ ᠢ ᠳᠠᠶᠢᠴᠢᠯᠠᠨ ᠠᠬᠢᠭᠤᠯᠵᠤ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ᠂ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠯ᠎ᠠ᠃    ᠬᠤᠶᠠᠷ ᠲᠤ᠂ ᠪᠣᠭᠤᠮᠲᠠ ᠶᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠠᠢ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠢ ᠰᠢᠮᠳᠠᠭᠤᠯᠵᠤ᠂ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠠᠩᠰᠠᠯᠠᠨ᠎ᠠ᠃    ᠭᠤᠷᠪᠠ ᠳᠤ᠂ ᠴᠢᠩᠭ᠎ᠠ ᠬᠢᠨᠠᠨ ᠬᠠᠷᠭᠤᠭᠤᠯᠵᠤ᠂ ᠠᠭᠤᠯᠭ᠎ᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠡᠭᠡᠭᠰᠢ ᠮᠡᠳᠡᠭᠦᠯᠦᠭᠰᠡᠨ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠲᠤᠰᠬᠠᠢ ᠮᠡᠷᠭᠡᠵᠢᠯᠲᠡᠨ ᠤ ᠦᠨᠡᠯᠡᠨ ᠵᠢᠱᠢᠬᠦ ᠳᠤᠭᠤᠶᠢᠯᠠᠩ ᠤᠨ ᠦᠨᠡᠯᠡᠨ ᠵᠢᠱᠢᠬᠦ ᠰᠠᠨᠠᠯ ᠤᠨ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠡᠰᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠮᠡᠳᠡᠭᠦᠯᠦᠨ ᠬᠦᠷᠭᠡᠵᠦ ᠳᠠᠩᠰᠠᠯᠠᠭᠤᠯᠬᠤ ᠪᠡᠯᠡᠳᠬᠡᠯ ᠲᠥᠰᠦᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ ᠶᠢ ᠨᠢ ᠳᠠᠩᠰᠠᠯᠠᠭᠤᠯᠬᠤ ᠬᠡᠷᠡᠭᠲᠡᠢ ᠃     ᠳᠥᠷᠪᠡ ᠳᠤ᠂ ᠪᠣᠳᠠᠲᠠᠢ ᠲᠠᠢ ᠤᠶᠠᠯᠳᠤᠭᠤᠯᠵᠤ᠂ ᠰᠣᠷᠢᠯᠲᠠ ᠶᠢ ᠴᠢᠩᠭᠠᠳᠬᠠᠪᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠰᠢᠮᠳᠠᠭᠤᠯᠵᠤ ᠪᠠᠶᠢᠭᠠᠳ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠪᠠ ᠰᠣᠷᠢᠯᠲᠠ ᠶᠢ ᠴᠢᠩᠭᠠᠳᠬᠠᠨ᠂ ᠬᠠᠮᠢᠶ᠎ᠠ ᠪᠦᠬᠦᠢ ᠬᠥᠮᠦᠰ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠠᠵᠢᠯᠯᠠᠬᠤ ᠠᠯᠬᠤᠮ ᠳᠠᠷᠠᠭ᠎ᠠ ᠪᠠ ᠴᠤᠪᠤᠷᠠᠯ ᠢ ᠭᠦᠢᠴᠡᠳ ᠣᠶᠢᠯᠠᠭᠠᠭᠤᠯᠵᠤ᠂ ᠠᠵᠤ ᠠᠬᠤᠶᠢᠯᠠᠯ ᠤᠨ ᠭᠡᠨᠡᠳᠲᠡ ᠶᠢᠨ ᠪᠠᠶᠢᠳᠠᠯ ᠤᠨ ᠳᠣᠣᠷ᠎ᠠ ᠡᠮᠬᠢ ᠵᠢᠷᠤᠮ ᠲᠠᠢ᠂ ᠪᠦᠲᠦᠮᠵᠢᠲᠡᠢ ᠠᠵᠢᠯ ᠢᠶᠠᠨ ᠥᠷᠨᠢᠭᠦᠯᠬᠦ ᠶᠢ ᠦᠨᠡᠨᠬᠦ  ᠪᠠᠳᠤᠯᠠᠪᠠ᠃    2024  ᠣᠨ ᠤ ᠣᠳᠣᠬᠠᠨ ᠪᠣᠯᠲᠠᠯ᠎ᠠ᠂ ᠵᠢᠦ ᠶᠤᠸᠠᠨ ᠲᠣᠭᠤᠷᠢᠭ ᠤᠨ ᠠᠮᠢ ᠠᠬᠤᠢ  ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢᠭᠡᠨᠲᠡ 60 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ  ᠶᠢᠨ ᠪᠠᠴᠢᠮ  ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠬᠤ ᠠᠵᠢᠯ ᠢ ᠪᠡᠶᠡᠯᠡᠭᠦᠯᠵᠦ᠂  ᠡᠭᠦᠨ ᠳᠤ ᠬᠦᠨᠳᠦ ᠶᠡᠭᠡ ᠠᠶᠤᠯ ᠲᠦᠭᠰᠢᠭᠦᠷᠢ ᠶᠢᠨ ᠲᠠᠰ  ᠤᠨ ᠨᠢᠭᠡᠴᠡ 1᠂ ᠨᠡᠯᠢᠶᠡᠳ ᠶᠡᠭᠡ ᠠᠶᠤᠯ ᠲᠦᠭᠰᠢᠭᠦᠷᠢ ᠶᠢᠨ ᠲᠠᠰ‌‍ᠤᠨ ᠨᠢᠭᠡᠴᠡ 9᠂ ᠡᠩ ᠤᠨ ᠠᠶᠤᠯ ᠲᠦᠭᠰᠢᠭᠦᠷᠢ ᠶᠢᠨ ᠲᠠᠰ ᠤᠨ ᠨᠢᠭᠡᠴᠡ 50 ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号