ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠦᠷᠦᠭᠦᠬᠡᠨ ︽ᠬᠥᠮᠥᠨ ᠠᠮᠠ ᠶᠢᠨ ᠲᠣᠭᠲᠠᠮᠠᠯ ᠦᠯᠢᠭᠡᠷ | ᠬᠡᠪ ᠪᠣᠯᠣᠨ ᠰᠤᠷᠪᠤᠯᠵᠢᠯᠠᠭᠳᠠᠭᠴᠢ ᠳᠤ ᠥᠭᠭᠦᠭᠰᠡᠨ ᠵᠠᠬᠢᠳᠠᠯ︾ ᠢ ᠨᠡᠶᠢᠲᠡᠯᠡᠪᠡ᠃ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ 6 ᠰᠠᠷ᠎ᠠ ᠳᠤ ᠪᠦᠬᠦ ᠤᠯᠤᠰ ᠤᠨ | ᠬᠡᠪᠴᠢᠶᠡᠨ ᠳᠤ ᠬᠥᠮᠥᠨ ᠠᠮᠠ ᠶᠢᠨ ᠲᠣᠭᠲᠠᠮᠠᠯ ᠦᠯᠢᠭᠡᠷ ᠬᠡᠪ ᠠᠪᠴᠤ ᠮᠥᠷᠳᠡᠨ ᠰᠤᠷᠪᠤᠯᠵᠢᠯᠠᠬᠤ ᠪᠠᠶᠢᠴᠠᠭᠠᠯᠲᠠ | ᠬᠢᠨ᠎ᠡ᠃ ᠪᠠᠶᠢᠴᠠᠭᠠᠯᠲᠠ ᠶᠢᠨ ᠦᠷ᠎ᠡ ᠳ᠋ᠦᠩ ᠢ ᠬᠥᠮᠥᠨ ᠠᠮᠠ ᠶᠢᠨ ᠬᠤᠪᠢᠷᠠᠯᠲᠠ ᠶᠢ ᠪᠦᠷᠢᠳᠬᠡᠬᠦ᠂ | ᠦᠢᠯᠡᠴᠢᠯᠡᠭᠡ ᠶᠢ ᠴᠢᠩᠭᠠᠳᠬᠠᠬᠤ ᠳᠤ ᠬᠡᠷᠡᠭᠯᠡᠬᠦ ᠪᠣᠯᠣᠨ᠎ᠠ᠃ | ᠲᠣᠰ ᠤᠳᠠᠭᠠᠨ ᠤ ᠪᠠᠶᠢᠴᠠᠭᠠᠭᠳᠠᠬᠤ ᠡᠲᠡᠭᠡᠳ ᠨᠢ ᠬᠡᠨ ᠪᠤᠯᠬᠤ ᠪᠤᠢ︖ ᠪᠠᠶᠢᠴᠠᠭᠠᠯᠲᠠ ᠬᠢᠬᠦ ᠳᠤ ᠶᠠᠮᠠᠷ ᠶᠠᠮᠠᠷ | ᠠᠭᠤᠯᠭ᠎ᠠ ᠪᠠᠶᠢᠬᠤ ᠪᠤᠢ︖ ᠶᠠᠭᠠᠬᠢᠵᠤ ᠪᠠᠶᠢᠴᠠᠭᠠᠯᠲᠠ ᠬᠢᠬᠦ ᠪᠤᠢ︖ ᠪᠠᠶᠢᠴᠠᠭᠠᠯᠲᠠ ᠶᠢ ᠨᠡᠶᠢᠲᠡ ᠬᠤᠶᠠᠷ | ᠤᠳᠠᠭ᠎ᠠ ᠥᠷᠨᠢᠭᠦᠯᠦᠨ᠎ᠡ ᠃ | ᠨᠢᠭᠡᠳᠦᠭᠡᠷ ᠤᠳᠠᠭᠠᠨ ᠤ ᠪᠠᠶᠢᠴᠠᠭᠠᠯᠲᠠ ᠬᠢᠬᠦ ᠪᠠᠷᠢᠮᠵᠢᠶᠠᠲᠤ ᠴᠠᠭ ᠨᠢ 2024 ᠣᠨ ᠤ 6 ᠳ᠋ᠤᠭᠠᠷ ᠰᠠᠷ᠎ᠠ ᠶᠢᠨ | 1 ᠤ ᠡᠳᠦᠷ ᠤᠨ ᠲᠡᠭ ᠴᠠᠭ ᠪᠣᠯᠣᠨ᠎ᠠ᠂ 2024 ᠣᠨ ᠤ 6 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ᠃ | ᠬᠤᠶᠠᠳᠤᠭᠠᠷ ᠤᠳᠠᠭᠠᠨ ᠤ ᠪᠠᠶᠢᠴᠠᠭᠠᠯᠲᠠ ᠬᠢᠬᠦ ᠪᠠᠷᠢᠮᠵᠢᠶᠠᠲᠤ ᠴᠠᠭ ᠨᠢ 2024 ᠣᠨ ᠤ 11 ᠳ᠋ᠦ᠋ᠭᠡᠷ | ᠰᠠᠷ᠎ᠠ ᠶᠢᠨ 1 ᠤ ᠡᠳᠦᠷ ᠤᠨ ᠲᠡᠭ ᠴᠠᠭ ᠪᠣᠯᠣᠨ᠎ᠠ᠂ 2024 ᠣᠨ ᠤ 12 ᠳ᠋ᠤᠭᠠᠷ ᠰᠠᠷ᠎ᠠ ᠶᠢᠨ 5 ᠤ ᠡᠳᠦᠷ ᠠᠴᠠ | ᠡᠮᠦᠨ᠎ᠡ ᠪᠡᠶᠡᠯᠡᠭᠦᠯᠦᠨ᠎ᠡ᠃ | ᠪᠠᠶᠢᠴᠠᠭᠠᠭᠳᠠᠬᠤ ᠡᠲᠡᠭᠡᠳ ᠨᠢ ᠤᠯᠤᠰ ᠠᠴᠠ ᠨᠢᠭᠡᠳᠦᠯᠲᠡᠢ ᠰᠣᠩᠭᠤᠨ ᠠᠪᠬᠤ ᠨᠠᠷᠢᠨ ᠬᠠᠭᠤᠳᠠᠰᠤ ᠶᠢᠨ | ᠳᠣᠲᠣᠷᠠᠬᠢ ᠵᠢᠭᠠᠨ ᠲᠣᠭᠲᠠᠭᠠᠭᠰᠠᠨ ᠠᠵᠢᠯᠲᠠᠨ ᠪᠠ ᠬᠠᠮᠢᠶ᠎ᠠ ᠪᠦᠬᠦᠢ ᠡᠭᠦᠰᠦᠮᠡᠯ ᠠᠵᠢᠯᠲᠠᠨ ᠪᠣᠯᠣᠨ᠎ᠠ᠃ | ᠪᠠᠶᠢᠴᠠᠭᠠᠯᠲᠠ ᠬᠢᠬᠦ ᠠᠭᠤᠯᠭ᠎ᠠ | ᠪᠠᠶᠢᠴᠠᠭᠠᠯᠲᠠ ᠬᠢᠬᠦ ᠠᠭᠤᠯᠭ᠎ᠠ ᠳᠤ ᠭᠤᠣᠯᠳᠠᠭᠤ᠄ ᠪᠠᠶᠢᠴᠠᠭᠠᠭᠳᠠᠬᠤ ᠡᠲᠡᠭᠡᠳ ᠤᠨ ᠣᠪᠣᠭ ᠨᠡᠷ᠎ᠡ᠂ | ᠬᠦᠢᠰᠦ ᠶᠢᠨ ᠢᠯᠭᠠᠯ᠂ ᠨᠠᠰᠤ ᠵᠢᠯ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠰᠤᠷᠭᠠᠨ ᠬᠥᠮᠦᠵᠢᠯ | ᠭᠥᠷᠳᠡᠭᠰᠡᠨ ᠬᠡᠮᠵᠢᠶ᠎ᠡ᠂ ᠨᠡᠭᠦᠵᠦ ᠰᠢᠯᠵᠢᠭᠰᠡᠨ ᠪᠠᠶᠢᠳᠠᠯ᠂ ᠠᠵᠢᠯ ᠤᠨ ᠪᠠᠶᠢᠳᠠᠯ᠂ ᠣᠷᠤᠭ ᠤᠨ ᠪᠠᠶᠢᠳᠠᠯ᠂ ᠦᠷᠡᠵᠢᠯ | ᠪᠠ ᠦᠬᠦᠯᠲᠡ ᠶᠢᠨ ᠪᠠᠶᠢᠳᠠᠯ᠂ ᠬᠡᠦᠬᠡᠳ ᠤᠨ ᠠᠮᠢᠳᠤᠷᠠᠯ ᠤᠨ ᠪᠠᠶᠢᠳᠠᠯ ᠵᠡᠷᠭᠡ ᠪᠠᠭᠲᠠᠨ᠎ᠠ᠃ | ᠪᠠᠶᠢᠴᠠᠭᠠᠯᠲᠠ ᠬᠢᠬᠦ ᠠᠷᠭ᠎ᠠ | ᠪᠠᠶᠢᠴᠠᠭᠠᠨ ᠲᠡᠮᠳᠡᠭᠯᠡᠬᠦ ᠳᠤ ᠪᠠᠶᠢᠴᠠᠭᠠᠭᠴᠢ ᠠᠶᠢᠯ ᠡᠷᠦᠬᠡ ᠳᠤ ᠣᠷᠣᠵᠤ ᠡᠯᠧᠺᠲᠷᠣᠨ ᠢᠶᠠᠷ ᠴᠤᠭᠯᠠᠭᠤᠯᠬᠤ | ᠲᠥᠬᠦᠭᠡᠷᠦᠮᠵᠢ ︵PAD ᠪᠤᠶᠤ ᠣᠶᠤᠨᠲᠤ ᠭᠠᠷ ᠤᠲᠠᠰᠤ︶ ᠶᠢ ᠬᠡᠷᠡᠭᠯᠡᠨ ᠠᠰᠠᠭᠤᠨ ᠯᠠᠪᠯᠠᠬᠤ᠂ ᠲᠤᠬᠠᠢ ᠶᠢᠨ | ᠲᠠᠯᠠᠪᠠᠢ ᠳᠤᠨᠢ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢ ᠠᠪᠤᠨ᠎ᠠ᠃ | | | | | | | | |