ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠲᠠᠯ᠎ᠠ ᠪᠠᠷ᠂ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠨ ᠳᠤ ᠰᠠᠭᠠᠳ ᠦᠭᠡᠢ | ᠨᠡᠪᠲᠡᠷᠡᠭᠦᠯᠦᠭᠰᠡᠨ ᠪᠡᠯᠡ ᠲᠣᠬᠢᠷᠠᠭᠤᠯᠭ᠎ᠠ ᠶᠢᠨ ᠦᠯᠡᠳᠡᠪᠦᠷᠢ ᠲᠤᠭ᠎ᠠ ᠨᠢ S200 ᠳ᠋ᠦᠩᠰᠢᠭᠤᠷ ᠲᠥᠭᠦᠷᠢᠭ ᠢ | ᠳᠠᠪᠠᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠨ᠂ ᠪᠣᠬᠢᠷᠲᠤᠯ ᠦᠭᠡᠢ ᠠᠵᠤ ᠦᠢᠯᠡᠰ ᠲᠤ | ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠬᠤ ᠪᠠᠷ 12.27 ᠲᠦᠮᠡᠨ ᠳ᠋ᠦᠩᠰᠢᠭᠤᠷ ᠲᠥᠭᠦᠷᠢᠭ ᠢ ᠳᠠᠪᠠᠭᠤᠯᠵᠤ᠂ | ᠲᠥᠯᠥᠪᠦᠷᠢ ᠥᠭᠭᠦᠭᠰᠡᠨ ᠵᠠᠷᠤᠯᠭ᠎ᠠ 25 ᠳ᠋ᠦᠩᠰᠢᠭᠤᠷ ᠲᠥᠭᠦᠷᠢᠭ ᠢ ᠳᠠᠪᠠᠪᠠ᠃ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ᠂ ᠬᠢᠯᠢ ᠶᠢᠨ | ᠬᠠᠮᠠᠭᠠᠯᠠᠯᠲᠠ ᠶᠢᠨ 619 ᠥᠷᠲᠡᠭᠡ ᠬᠢᠭᠡᠳ ᠮᠥᠩᠭᠦᠨ ᠭᠦᠢᠯᠭᠡᠭᠡᠨ ᠤ 307 ᠦᠢᠯᠡᠴᠢᠯᠡᠭᠡᠨ ᠤ ᠴᠡᠭ ᠢ | ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠢᠯᠢ ᠶᠢᠨ ᠬᠠᠮᠠᠭᠠᠯᠠᠯᠲᠠ ᠶᠢᠨ 3000 | ᠭᠠᠷᠤᠢ ᠠᠷᠠᠳ ᠤᠨ ᠲᠤᠰᠠᠯᠠᠬᠤ ᠴᠠᠭᠳᠠᠭ᠎ᠠ᠂ ᠬᠢᠯᠢ ᠶᠢᠨ ᠬᠠᠮᠠᠭᠠᠯᠠᠭᠴᠢ᠂ ᠬᠢᠯᠢ ᠶᠢᠨ ᠠᠷᠠᠳ ᠲᠤ 26.45 | ᠳ᠋ᠦᠩᠰᠢᠭᠤᠷ ᠲᠥᠭᠦᠷᠢᠭ ᠤᠨ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠪᠠ᠃ ᠤᠯᠤᠰ ᠤᠨ ᠴᠢᠬᠤᠯᠠ | ᠡᠨᠧᠷᠭᠢ ᠶᠢᠨ ᠪᠠ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠲᠠᠯ᠎ᠠ ᠪᠠᠷ᠂ ᠡᠨᠧᠷᠭᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠮᠥᠩᠭᠦᠨ ᠭᠦᠢᠯᠭᠡᠭᠡᠨ ᠢᠶᠠᠷ | ᠳᠡᠮᠵᠢᠬᠦ ᠶᠢ ᠴᠢᠩᠭᠠᠳᠬᠠᠵᠤ᠂ ᠡᠨᠧᠷᠭᠢ ᠶᠢᠨ ᠠᠵᠤ ᠦᠢᠯᠡᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 7366 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1302 ᠳ᠋ᠦᠩᠰᠢᠭᠤᠷ ᠲᠥᠭᠦᠷᠢᠭ ᠨᠡᠮᠡᠭᠳᠡᠪᠡ | ᠃ ᠤᠯᠤᠰ ᠤᠨ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠲᠠᠯ᠎ᠠ ᠪᠠᠷ᠂ ᠰᠦ ᠶᠢᠨ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠮᠥᠩᠭᠦᠨ ᠭᠦᠢᠯᠭᠡᠭᠡᠨ ᠢᠶᠠᠷ ᠬᠦᠴᠢᠷᠳᠡᠯ ᠢ ᠨᠢ ᠰᠢᠢᠳᠪᠦᠷᠢᠯᠡᠭᠦᠯᠬᠦ ᠦᠢᠯᠡᠴᠢᠯᠡᠭᠡ ᠶᠢ ᠰᠠᠶᠢᠲᠤᠷ ᠬᠢᠵᠦ᠂ | ᠲᠠᠷᠢᠶᠠᠯᠠᠩ ᠮᠠᠯ ᠠᠵᠤ ᠠᠬᠤᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 3170 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 323 ᠳ᠋ᠦᠩᠰᠢᠭᠤᠷ ᠲᠥᠭᠦᠷᠢᠭ ᠨᠡᠮᠡᠭᠳᠡᠪᠡ︔ ᠪᠥᠬᠦ | ᠣᠷᠣᠨ ᠤ ᠪᠣᠶ ᠪᠦᠬᠦᠢ ᠬᠤᠰᠢᠭᠤ ᠰᠢᠶᠠᠨ ᠤ ᠠᠮᠤ ᠪᠤᠳᠠᠭᠠᠨ ᠤ ᠭᠤᠷᠪᠠᠨ ᠲᠣᠮᠣ ᠭᠤᠣᠯ ᠲᠠᠷᠢᠮᠠᠯ ᠤᠨ ᠪᠦᠷᠢᠨ | ᠥᠪᠡᠷ ᠤᠨ ᠥᠷᠲᠡᠭ ᠤᠨ ᠳᠠᠭᠠᠳᠬᠠᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠠᠷ ᠠᠬᠢᠭᠤᠯᠤᠨ᠎ᠠ᠃ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ | ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ | ᠠᠬᠤᠶᠢᠯᠠᠯ ᠤᠨ ᠳ᠋ᠦᠩᠨᠡᠨ ᠪᠤᠳᠤᠬᠤ᠂ ᠪᠡᠯᠡ ᠲᠣᠬᠢᠷᠠᠭᠤᠯᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ | ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠᠷ ᠪᠠᠭᠤᠯᠭᠠᠭᠰᠠᠨ ᠪᠡᠯᠡ ᠮᠥᠩᠭᠦ ᠨᠢ 51 | ᠳ᠋ᠦᠩᠰᠢᠭᠤᠷ ᠲᠥᠭᠦᠷᠢᠭ ᠢ ᠳᠠᠪᠠᠪᠠ᠃ ︵ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ |