ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂ 4 | ᠰᠠᠷ᠎ᠠ ᠲᠠᠢ ᠨᠢᠯᠬ᠎ᠠ ᠬᠡᠦᠬᠡᠳ ᠠᠴᠠ ᠠᠪᠤᠭᠠᠳ 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ | ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃ ᠲᠡᠭᠡᠪᠡᠯ ᠴᠡᠴᠡᠭ ᠤᠨ ᠲᠣᠭᠤᠰᠣ ᠶᠢ | ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ | ᠳᠠᠷᠤᠬᠤ ᠲᠥᠪ ᠤᠨ ᠬᠢᠨ ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂ | ᠨᠢᠭᠡ ᠳᠤ᠂ ᠬᠤᠸᠠᠷ ᠴᠡᠴᠡᠭ ᠲᠠᠢ ᠰᠢᠭᠤᠳ ᠣᠶᠢᠷᠠᠲᠤᠬᠤ ᠦᠭᠡᠢ᠃ ᠭᠠᠳᠠᠭᠰᠢ ᠭᠠᠷᠬᠤ ᠪᠠᠨ ᠴᠥᠭᠡᠳᠬᠡᠵᠦ᠂ | ᠣᠨᠴᠠᠭᠠᠶᠢᠯᠠᠨ ᠴᠡᠴᠡᠭ ᠤᠨ ᠲᠣᠭᠤᠰᠣ ᠶᠡᠬᠡᠲᠡᠢ ᠦᠶᠡᠰ᠂ ᠡᠭᠦᠳᠡ ᠴᠣᠩᠬᠤ ᠪᠠᠨ ᠪᠢᠲᠡᠭᠦᠮᠵᠢᠯᠡᠵᠦ᠂ ᠴᠢᠳᠠᠪᠠᠯ ᠭᠡᠷ | ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ ᠢ ᠬᠡᠷᠡᠭᠯᠡᠬᠦ ᠬᠡᠷᠡᠭᠲᠡᠢ᠃ | ᠬᠤᠶᠠᠷ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ ᠳᠠᠭᠠᠨ | ᠤᠷᠲᠤ ᠬᠠᠨᠴᠤᠢ ᠲᠠᠢ ᠬᠤᠪᠴᠠᠰᠤ ᠡᠮᠦᠰᠴᠦ᠂ ᠠᠮᠠᠪᠴᠢ᠂ ᠨᠢᠳᠦᠨ ᠰᠢᠯ ᠵᠡᠭᠦᠵᠦ᠂ ᠮᠠᠰᠢᠨ ᠵᠢᠯᠤᠭᠤᠳᠬᠤ ᠳᠠᠭᠠᠨ | ᠴᠣᠩᠬᠤ ᠶᠢ ᠨᠢ ᠴᠢᠩᠭ᠎ᠠ ᠬᠠᠭᠠᠬᠤ ᠬᠡᠷᠡᠭᠲᠡᠢ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ ᠬᠤᠪᠴᠠᠰᠤ ᠪᠠᠨ | ᠳᠠᠷᠦ᠋ᠢᠬᠠᠨ ᠰᠣᠯᠢᠵᠤ᠂ ᠨᠢᠭᠤᠷ ᠵᠶᠠᠨ ᠤᠬᠢᠶᠠᠵᠤ᠂ ᠠᠮᠠ ᠬᠠᠮᠠᠷ ᠢᠶᠠᠨ ᠵᠠᠶᠢᠯᠬᠤ ᠬᠡᠷᠡᠭᠲᠡᠢ᠃ | ᠭᠤᠷᠪᠠ ᠳᠤ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ ᠳᠤ ᠰᠠᠶᠢᠨ ᠤᠨᠲᠠᠵᠤ ᠠᠮᠠᠷᠠᠨ᠂ | ᠢᠳᠡᠭᠡᠨ ᠤᠮᠳᠠᠭᠠᠨ ᠢᠶᠠᠨ ᠵᠣᠬᠢᠴᠠᠭᠤᠯᠵᠤ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ | ᠲᠣᠭᠲᠠᠭᠰᠠᠨ ᠬᠤᠭᠤᠴᠠᠭᠠᠨ ᠳᠤ ᠪᠡᠶ᠎ᠡ ᠪᠠᠨ ᠪᠣᠯᠪᠠᠰᠤᠷᠠᠭᠤᠯᠬᠤ ᠬᠡᠷᠡᠭᠲᠡᠢ᠃ | ᠳᠥᠷᠪᠡ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠦ᠋ᠢᠬᠠᠨ ᠡᠮᠴᠢᠯᠡᠭᠦᠯᠬᠦ ᠬᠡᠷᠡᠭᠲᠡᠢ᠃ ᠠᠮᠠᠷᠬᠠᠨ ᠬᠠᠷᠰᠢᠳᠠᠭ | ᠪᠠ ᠠᠭᠰᠠᠭ᠎ᠠ ᠡᠪᠡᠳᠴᠢᠨ ᠲᠠᠢ ᠬᠥᠮᠥᠰ ᠬᠤᠪᠴᠠᠰᠤ ᠬᠤᠨᠠᠷ ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ | ᠬᠢᠮᠤᠷᠠᠭ᠎ᠠ ᠲᠠᠭᠰᠢᠭᠤᠷ ᠣᠯᠬᠤ ᠠᠴᠠ ᠪᠣᠯᠭᠤᠮᠵᠢᠯᠠᠬᠤ ᠬᠡᠷᠡᠭᠲᠡᠢ᠃ ᠬᠠᠷᠰᠢᠬᠤ ᠪᠠᠶᠢᠳᠠᠯ ᠬᠦᠨᠳᠦᠷᠡᠪᠡᠯ ᠳᠠᠷᠦ᠋ᠢᠬᠠᠨ | ᠡᠮᠴᠢᠯᠡᠭᠦᠯᠬᠦ ᠬᠡᠷᠡᠭᠲᠡᠢ᠃ | | | | | | |