ᠹᠦ᠋ ᠯᠢ  ᠭᠡᠷ ᠬᠤᠷᠢᠶᠠᠯᠠᠯ᠄  ᠭᠡᠷ ᠬᠤᠷᠢᠶᠠᠯᠠᠯ ᠰᠤᠷᠭᠠᠭᠤᠯᠢ ᠬᠠᠮᠲᠤᠷᠠᠨ ᠰᠡᠷᠭᠡᠶᠢᠯᠡᠯᠲᠡ ᠶᠢᠨ ᠱᠤᠭᠤᠮ ᠪᠠᠶᠢᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ  ᠬᠢᠵᠤ ᠨᠠᠰᠤᠳᠠᠶᠢᠴᠤᠳ ᠢ ᠬᠠᠮᠠᠭᠠᠯᠠᠪᠠ
ᠨᠡᠶᠢᠲᠡᠯᠡᠭᠰᠡᠨ ᠴᠠᠭ᠄
2024/12/19
1111.jpg   
     ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠨᠠᠰᠤᠲᠠᠶᠢᠴᠤᠳ ᠢ ᠮᠡᠬᠡᠯᠡᠬᠦ ᠠᠷᠭ᠎ᠠ ᠪᠠᠷᠢᠯ ᠡᠳᠦᠷ ᠢᠷᠡᠬᠦᠶ᠎ᠡ ᠣᠯᠠᠨ ᠶᠠᠩᠵᠤᠴᠢᠯᠠᠬᠤ ᠪᠠ ᠳᠠᠯᠳᠠ ᠪᠣᠯᠵᠣ᠂ ᠨᠠᠰᠤᠲᠠᠶᠢᠴᠤᠳ ᠦᠷᠭᠦᠯᠵᠢ ᠮᠡᠳᠡᠭᠡ ᠵᠠᠩᠭᠢ  ᠶᠢᠨ ᠲᠡᠭᠰᠢ ᠭᠡᠮᠲᠦ ᠪᠤᠰᠤ ᠪᠠ ᠰᠡᠷᠭᠡᠶᠢᠯᠡᠬᠦ ᠦᠵᠡᠯ ᠤᠬᠠᠮᠰᠠᠷ ᠨᠢ ᠬᠠᠷᠢᠴᠠᠩᠭᠤᠢ ᠪᠠᠷ ᠨᠡᠯᠢᠶᠡᠳ  ᠪᠠᠭᠤᠷᠠᠢ ᠠᠴᠠ ᠪᠣᠯᠵᠤ ᠮᠡᠬᠡᠯᠡᠬᠦ ᠠᠵᠢᠯᠯᠠᠭ᠎ᠠ ᠶᠢᠨ ᠭᠤᠣᠯ ᠬᠤᠣᠷ ᠠᠮᠰᠠᠭᠴᠢ ᠪᠣᠯᠵᠤ ᠪᠠᠶᠢᠨ᠎ᠠ᠃    ᠬᠠᠷᠢᠶᠠᠲᠤ ᠣᠷᠣᠨ ᠤ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠹᠦ᠋ ᠯᠢ ᠭᠡᠷ ᠬᠤᠷᠢᠶᠠᠯᠠᠯ ᠤᠨ ᠨᠠᠮ ᠤᠨ  ᠬᠤᠷᠢᠶ᠎ᠠ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠤᠯᠤᠰ ᠲᠥᠷᠥ ᠪᠠ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠰᠤᠷᠤᠭᠴᠢᠳ ᠤᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠨ᠂ ︽  ᠭᠡᠷ ᠬᠤᠷᠢᠶᠠᠯᠠᠯ ᠰᠤᠷᠭᠠᠭᠤᠯᠢ ᠲᠠᠢ ᠬᠠᠮᠲᠤᠷᠠᠨ ᠰᠡᠷᠭᠡᠶᠢᠯᠡᠯᠲᠡ ᠶᠢᠨ ᠱᠤᠭᠤᠮ ᠪᠠᠶᠢᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ  ᠪᠠᠷ  ᠨᠠᠰᠤᠲᠠᠶᠢᠴᠤᠳ ᠢ ᠬᠠᠮᠠᠭᠠᠯᠠᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠡᠷ ᠬᠤᠷᠢᠶᠠᠯᠠᠯ ᠤᠨ ᠨᠠᠰᠤᠲᠠᠶᠢᠴᠤᠳ ᠢ ᠬᠠᠪᠰᠤᠷᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠵᠢᠴᠢ  ᠣᠶᠤᠨᠳᠤ ᠭᠠᠷ ᠤᠲᠠᠰᠤ ᠬᠡᠷᠡᠭᠯᠡᠬᠦ ᠠᠷᠭ᠎ᠠ ᠶᠢ ᠰᠤᠷᠤᠯᠴᠠᠭᠤᠯᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠠᠮᠢᠳᠤᠷᠠᠯ ᠤᠨ ᠵᠣᠯ ᠵᠢᠷᠭᠠᠯᠲᠤ ᠰᠡᠳᠬᠢᠯᠭᠡ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃    ᠠᠵᠢᠯᠯᠠᠭ᠎ᠠ  ᠡᠬᠢᠯᠡᠮᠡᠭᠴᠡ ᠰᠤᠷᠤᠭᠴᠢ ᠶᠢᠨ ᠰᠠᠶᠢᠨ ᠳᠤᠷᠠᠴᠤᠳ PPT ᠶᠢ ᠬᠡᠷᠡᠭᠯᠡᠨ ᠮᠡᠬᠡᠯᠡᠯ ᠢ ᠰᠡᠷᠭᠡᠶᠢᠯᠡᠬᠦ ᠤᠷ᠎ᠠ ᠮᠡᠷᠭᠡᠵᠢᠯ ᠪᠠ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠰᠦᠯᠵᠢᠶᠡᠨ ᠤ ᠠᠮᠤᠷ ᠲᠦᠪᠰᠢᠨ᠂ ᠭᠠᠷ ᠤᠲᠠᠰᠤᠨ ᠤ ᠸᠢᠷᠦ᠋ᠰ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ᠂ ᠵᠢᠴᠢ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠠᠷᠭ᠎ᠠ ᠪᠠᠷᠢᠯ ᠵᠡᠷᠭᠡ ᠶᠢ ᠤᠬᠠᠭᠤᠯᠵᠤ᠂ ᠨᠠᠰᠤᠲᠠᠶᠢᠴᠤᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠶᠢ ᠰᠠᠨᠠᠭᠤᠯᠪᠠ᠃ ᠳᠠᠷᠠᠭ᠎ᠠ ᠨᠢ ᠵᠢᠷᠤᠭ ᠦᠰᠦᠭ ᠤᠨ ᠲᠠᠶᠢᠯᠤᠮᠵᠢ ᠪᠠᠷ ᠭᠠᠷ ᠤᠲᠠᠰᠤᠨ ᠤ ᠦᠨᠳᠦᠰᠦᠨ ᠠᠵᠢᠯᠯᠠᠭ᠎ᠠ ᠶᠢ ᠲᠠᠨᠢᠯᠴᠠᠭᠤᠯᠵᠤ ᠂ ᠦᠰᠦᠭ ᠤᠨ ᠲᠢᠭ ᠤᠨ ᠶᠡᠭᠡ ᠪᠠᠭ᠎ᠠ᠂ ᠨᠢᠭᠤᠷ ᠤᠨ ᠪᠠᠶᠢᠷᠢᠯᠠᠭᠤᠯᠤᠯᠲᠠ ᠵᠡᠷᠭᠡ ᠬᠡᠷᠡᠭᠯᠡᠭᠡᠨ ᠤ ᠴᠢᠳᠠᠮᠵᠢ ᠶᠢ ᠬᠡᠷᠬᠢᠨ ᠲᠣᠬᠢᠷᠠᠭᠤᠯᠬᠤ᠂ ᠬᠡᠷᠬᠢᠨ  ᠣᠶᠤᠨᠳᠤ ᠭᠠᠷ ᠤᠲᠠᠰᠤ ᠪᠠᠷ ᠪᠠᠷᠠᠭ᠎ᠠ ᠬᠤᠳᠠᠯᠳᠤᠨ ᠠᠪᠬᠤ᠂ ᠡᠪᠡᠳᠴᠢᠨ ᠦᠵᠡᠭᠦᠯᠬᠦ᠂ ᠭᠠᠳᠠᠭᠰᠢ ᠭᠠᠷᠬᠤ ᠵᠠᠮᠴᠢᠯᠠᠭ᠎ᠠ ᠵᠡᠷᠭᠡ ᠡᠳᠦᠷ ᠲᠤᠲᠤᠮ ᠤᠨ ᠬᠡᠷᠡᠭᠯᠡᠯᠲᠡ ᠶᠢ ᠲᠠᠨᠢᠯᠴᠠᠭᠤᠯᠵᠤ᠂ ᠲᠡᠳᠡᠨ ᠢ ᠬᠠᠪᠰᠤᠷᠤᠨ ᠣᠳᠣ ᠦᠶ᠎ᠡ ᠶᠢᠨ ᠨᠡᠶᠢᠭᠡᠮ ᠤᠨ ᠠᠮᠢᠳᠤᠷᠠᠯ ᠤᠨ ᠠᠷᠭ᠎ᠠ ᠮᠠᠶ᠋ᠢᠭ ᠲᠤ ᠨᠡᠩ ᠰᠠᠶᠢᠨ  ᠵᠣᠬᠢᠴᠠᠭᠤᠯᠵᠤ᠂ ᠨᠡᠶᠢᠭᠡᠮ ᠤᠨ  ᠠᠬᠢᠴᠠ‌ᠡᠴᠠ ᠰᠠᠯᠬᠤ ᠶᠢ ᠪᠦᠳᠦᠮᠵᠢᠲᠡᠢ ᠰᠡᠷᠭᠡᠶᠢᠯᠡᠪᠠ᠃      ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠳᠠᠭᠤᠰᠤᠭᠰᠠᠨ ᠤ ᠳᠠᠷᠠᠭ᠎ᠠ᠂ ᠰᠠᠶᠢᠨ ᠳᠤᠷᠠᠴᠤᠳ ᠭᠡᠷ ᠬᠤᠷᠢᠶᠠᠯᠠᠯ ᠤᠨ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠵᠤ᠂ ᠨᠢᠭᠡᠳ‌ᠨᠢᠭᠡ ᠪᠠᠷ ᠲᠥᠭᠡᠷᠢᠭᠳᠡᠯ ᠢ ᠨᠢ ᠰᠢᠢᠳᠪᠦᠷᠢᠯᠡᠪᠡ᠃ ᠨᠠᠰᠤᠲᠠᠶᠢᠴᠤᠳ ᠬᠤᠶᠢᠨ᠎ᠠ ᠬᠤᠶᠢᠨ᠎ᠠ ᠠᠴᠠ ᠪᠠᠨ ᠠᠰᠠᠭᠤᠯᠲᠠ ᠠᠰᠠᠭᠤᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠭᠠᠷ ᠤᠲᠠᠰᠤᠨ ᠤ ᠪᠢᠴᠢᠬᠠᠨ ᠴᠢᠳᠠᠪᠤᠷᠢᠲᠠᠨ︾ ᠪᠣᠯᠵᠤ᠂ ᠨᠠᠰᠤᠲᠠᠶᠢᠴᠤᠳ ᠲᠤ ᠰᠡᠵᠢᠭ ᠢ ᠨᠢ ᠠᠯᠳᠠᠷᠠᠭᠠᠵᠤ ᠥᠭᠪᠡ᠃ ᠲᠡᠳᠡᠨ ᠢ ᠬᠠᠪᠰᠤᠷᠤᠨ  ᠲᠣᠭᠠᠴᠢᠯᠲᠠ ᠶᠢᠨ ᠬᠦᠴᠢᠷᠳᠡᠯ ᠢ ᠢᠯᠠᠵᠤ᠂ ᠳᠥᠭᠦᠮ ᠳᠥᠲᠡ ᠲᠣᠭᠠᠴᠢᠯᠠᠭᠰᠠᠨ ᠠᠮᠢᠳᠤᠷᠠᠯ ᠢ ᠡᠳ᠋ᠯᠡᠭᠦᠯᠵᠦ᠂ ᠲᠡᠳᠡᠨ ᠤ ᠥᠪᠡᠷ ᠢ ᠪᠠᠨ ᠢᠲᠡᠭᠡᠬᠦ ᠪᠠ ᠪᠡᠶ᠎ᠡ ᠪᠠᠨ ᠳᠠᠭᠠᠭᠠᠬᠤ ᠴᠢᠨᠠᠷ ᠢ  ᠨᠡᠮᠡᠭᠳᠡᠭᠦᠯᠪᠡ᠃    ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠭᠡᠷ ᠬᠤᠷᠢᠶᠠᠯᠠᠯ ᠤᠨ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠨᠠᠰᠤᠲᠠᠶᠢᠴᠤᠳ ᠢ ᠬᠠᠪᠰᠤᠷᠤᠨ ︽ᠵᠣᠭᠤᠰᠣᠨ ᠤᠭᠤᠲᠠ︾  ᠶᠢ ᠨᠢ ᠴᠢᠩᠭ᠎ᠠ  ᠠᠳᠬᠤᠭᠤᠯᠵᠤ᠂ ᠲᠡᠳᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ ᠨᠠᠰᠤᠲᠠᠶᠢᠴᠤᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠵᠤ᠂ ︽  ᠦᠲᠡᠯᠦᠭᠡ ᠨᠠᠰᠤᠨ ᠤ ᠪᠠᠮᠪᠠᠷ︾ ᠢ ᠬᠠᠮᠲᠤ ᠪᠠᠷ  ᠴᠣᠭᠴᠠᠯᠠᠨ᠂ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠢ ᠵᠣᠯ ᠵᠢᠷᠭᠠᠯ ᠲᠠᠢ ᠠᠮᠤᠷ ᠠᠮᠤᠭᠤᠯᠠᠩ  ᠪᠣᠯᠭᠠᠵᠠᠢ᠃           
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号