ᠡᠪᠤᠯ ᠤᠨ ᠤᠯᠠᠷᠢᠯ ᠳᠤ ᠪᠡᠶ᠎ᠡ ᠰᠤᠪᠢᠯᠠᠬᠤ ᠶᠢ ᠲᠡᠷᠢᠭᠦᠨ ᠪᠠᠶᠢᠷᠢ ᠳᠤ ᠲᠠᠯᠪᠢᠶ᠎ᠠ
ᠨᠡᠶᠢᠲᠡᠯᠡᠭᠰᠡᠨ ᠴᠠᠭ᠄
2024/12/19
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠸᠠᠨ ᠺᠧ ᠭᠡᠷ ᠬᠤᠷᠢᠶᠠᠯᠠᠯ 12 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ ᠪᠠᠶᠠᠨᠰᠢᠯᠢ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ︽  ᠡᠪᠤᠯ ᠤᠨ ᠤᠯᠠᠷᠢᠯ ᠪᠡᠶ᠎ᠡ ᠰᠤᠪᠢᠯᠠᠬᠤ ᠶᠢ ᠲᠡᠷᠢᠭᠦᠨ ᠳᠤ ᠲᠠᠯᠪᠢᠬᠤ︾ ᠪᠠᠷ ᠭᠤᠣᠯ ᠰᠡᠳᠦᠪ ᠪᠣᠯᠭᠠᠭᠰᠠᠨ ᠡᠪᠦᠯ ᠤᠨ ᠤᠯᠠᠷᠢᠯ ᠤᠨ ᠪᠡᠶ᠎ᠡ ᠰᠤᠪᠢᠯᠠᠬᠤ ᠲᠠᠶᠢᠯᠤᠮᠵᠢ ᠥᠷᠨᠢᠭᠦᠯᠪᠡ᠃ ᠲᠤᠰ ᠤᠳᠠᠭᠠᠨ ᠤ ᠲᠠᠶᠢᠯᠤᠮᠵᠢ ᠨᠢ ᠬᠠᠷᠢᠶ᠎ᠠ ᠣᠷᠣᠨ ᠤ ᠮᠠᠰᠢ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠠᠢ᠃
1111.jpg
    ᠲᠠᠶᠢᠯᠤᠮᠵᠢ ᠶᠢᠨ ᠲᠤᠬᠠᠢ ᠶᠢᠨ ᠲᠠᠯᠠᠪᠠᠢ ᠳᠤ᠂ ᠪᠡᠶ᠎ᠡ ᠰᠤᠪᠢᠯᠠᠬᠤ ᠲᠤᠰᠬᠠᠢ ᠮᠡᠷᠭᠡᠵᠢᠯᠲᠡᠨ ᠢᠳᠡᠭᠡᠨ ᠤᠮᠳᠠᠭᠠᠨ᠂ ᠪᠡᠶ᠎ᠡ ᠶᠢᠨ ᠲᠠᠮᠢᠷ᠂  ᠠᠵᠤ ᠠᠮᠢᠳᠤᠷᠠᠯ ᠵᠡᠷᠭᠡ ᠲᠠᠯ᠎ᠠ ᠪᠠᠷ ᠰᠠᠭᠤᠭᠠᠯᠢ ᠠᠷᠠᠳ ᠲᠤ ᠡᠪᠦᠯ ᠤᠨ ᠤᠯᠠᠷᠢᠯ ᠤᠨ ᠪᠡᠶ᠎ᠡ ᠰᠤᠪᠢᠯᠠᠬᠤ ᠭᠤᠣᠯᠳᠠᠯᠭ᠎ᠠ ᠵᠢᠴᠢ ᠬᠠᠯᠳᠠᠪᠤᠷᠢᠲᠤ ᠲᠠᠭᠰᠢᠭᠤᠷ ᠢ ᠬᠡᠷᠬᠢᠨ ᠰᠡᠷᠭᠡᠶᠢᠯᠡᠬᠦ ᠲᠤᠬᠠᠢ ᠨᠠᠷᠢᠨ ᠲᠠᠶᠢᠯᠪᠤᠷᠢᠯᠠᠭᠰᠠᠨ ᠪᠥᠭᠡᠳ ᠰᠠᠭᠤᠭᠠᠯᠢ ᠠᠷᠠᠳ  ᠤᠨ ᠳᠤᠷᠠᠳᠤᠭᠰᠠᠨ ᠡᠯ᠎ᠡ ᠵᠦᠢᠯ ᠤᠨ ᠪᠡᠶ᠎ᠡ ᠰᠤᠪᠢᠯᠠᠬᠤ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠪᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠶᠡᠭᠡ ᠣᠯᠤᠯᠲᠠ ᠲᠠᠢ  ᠪᠠᠶᠢᠨ᠎ᠠ᠂ ᠭᠡᠷ ᠬᠤᠷᠢᠶᠠᠯᠠᠯ ᠠᠴᠠ ᠰᠡᠭᠦᠯᠡᠷ ᠢᠯᠡᠭᠦᠬᠡᠨ ᠡᠶᠢᠮᠦ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠵᠡᠢ᠃
2222.jpg
    ᠲᠤᠰ ᠤᠳᠠᠭᠠᠨ ᠤ ᠡᠪᠦᠯ ᠤᠨ ᠤᠯᠠᠷᠢᠯ ᠤᠨ ᠪᠡᠶ᠎ᠡ ᠰᠤᠪᠢᠯᠠᠬᠤ ᠲᠠᠶᠢᠯᠤᠮᠵᠢ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠨᠡᠪᠲᠡᠷᠡᠯᠴᠡᠭᠡ ᠳᠤ ᠰᠠᠶᠢᠨ ᠰᠠᠶᠢᠬᠠᠨ ᠲᠠᠪᠴᠠᠩ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠸᠠᠨ ᠺᠧ ᠭᠡᠷ ᠬᠤᠷᠢᠶᠠᠯᠠᠯ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠨᠡᠩ ᠣᠯᠠᠨ ᠪᠠᠶᠠᠯᠢᠭ ᠰᠠᠶᠢᠬᠠᠨ ᠡᠷᠡᠭᠦᠯ ᠮᠡᠨᠳᠦ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ  ᠶᠢᠨ ᠠᠮᠢᠳᠤᠷᠠᠯ ᠢ ᠬᠠᠮᠠᠭᠠᠯᠠᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号