ᠰᠢᠬᠢᠷ ᠰᠢᠵᠢᠩ ᠡᠪᠡᠳᠴᠢᠲᠡᠨ ᠦᠨᠢᠶᠡᠨ ᠰᠦ ᠤᠤᠭᠤᠵᠤ ᠪᠣᠯᠬᠤ ᠦᠦ︖
ᠨᠡᠶᠢᠲᠡᠯᠡᠭᠰᠡᠨ ᠴᠠᠭ᠄
2024/12/19
    ᠰᠢᠬᠢᠷ ᠰᠢᠵᠢᠩ ᠡᠪᠡᠳᠴᠢᠲᠡᠨ ᠦᠨᠢᠶᠡᠨ ᠰᠦ ᠤᠤᠭᠤᠵᠤ ᠪᠣᠯᠬᠤ ᠪᠠᠷ ᠪᠠᠷᠠᠬᠤ ᠦᠭᠡᠢ᠂ ᠪᠠᠰᠠ ᠢᠯᠡᠭᠦᠦ ᠤᠤᠭᠤᠬᠤ ᠶᠢ ᠰᠠᠨᠠᠭᠠᠴᠢᠯᠠᠨ᠎ᠠ᠃ ᠦᠨᠢᠶᠡᠨ ᠰᠦᠨ ᠳᠤ ᠠᠶᠠᠨᠳᠠᠭᠠᠨ ᠠᠭᠤᠯᠵᠤ ᠪᠦᠬᠦᠢ ᠰᠦᠨ ᠰᠢᠬᠢᠷ ᠪᠣᠯ ᠨᠢᠰᠢᠩᠭᠦ ᠶᠢᠨ ᠰᠢᠬᠢᠷ ᠲᠠᠢ ᠠᠳᠠᠯᠢ ᠦᠭᠡᠢ᠂ ᠦᠨᠢᠶᠡᠨ ᠰᠦ ᠪᠣᠯ ᠳᠣᠣᠷ᠎ᠠ GI ᠢᠳᠡᠭᠡᠨ ᠳᠤ ᠪᠠᠭᠲᠠᠨ᠎ᠠ᠂ ᠰᠢᠬᠢᠷ ᠰᠢᠵᠢᠩ ᠡᠪᠡᠳᠴᠢᠲᠡᠨ ᠪᠦᠷ ᠤᠤᠭᠤᠵᠤ ᠪᠣᠯᠣᠨ᠎ᠠ᠃ ᠣᠳᠣᠬᠠᠨ ᠳᠤ ᠦᠨᠢᠶᠡᠨ ᠰᠦᠨ ᠳᠠᠬᠢ ᠺᠠᠯᠼ᠂ ᠤᠭᠤᠷᠠᠭ ᠵᠢᠴᠢ ᠵᠠᠷᠢᠮ ᠥᠭᠡᠬᠦᠨ ᠬᠦᠴᠢᠯ ᠨᠢ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠪᠣᠯᠣᠨ᠎ᠠ ᠭᠡᠵᠦ ᠦᠵᠡᠵᠦ ᠪᠠᠶᠢᠨ᠎ᠠ᠃ ᠤᠴᠢᠷ ᠨᠢ ᠢᠨᠰᠦ᠋ᠯᠢᠨ ᠤ ᠡᠳ᠋ ᠢ ᠢᠯᠭᠠᠷᠠᠭᠤᠯᠬᠤ ᠳᠤ ᠺᠠᠯᠼ ᠤᠨ ᠣᠷᠤᠯᠴᠠᠯᠭ᠎ᠠ ᠶᠢ ᠱᠠᠭᠠᠷᠳᠠᠨ᠎ᠠ᠂᠃ ᠺᠠᠯᠼ ᠢ ᠭᠦᠢᠴᠡᠳ ᠰᠢᠩᠭᠡᠬᠡᠨ ᠠᠪᠬᠤ ᠦᠭᠡᠢ ᠪᠣᠯ ᠨᠦᠢᠷ ᠤᠨ ᠪᠤᠯᠴᠢᠷᠬᠠᠢ ᠶᠢᠨ B ᠡᠰ ᠤᠨ ᠡᠰ ᠤᠨ ᠳᠣᠲᠣᠷ ᠪᠠ ᠡᠰ ᠤᠨ ᠭᠠᠳᠠᠨᠠᠬᠢ ᠺᠠᠯᠼ ᠤᠨ ᠲᠠᠲᠠᠭᠠᠯ ᠳᠠᠬᠢ ᠺᠠᠯᠼ ᠤᠨ ᠢᠶᠤᠨ ᠤ ᠲᠡᠩᠴᠡᠭᠦᠷᠢ ᠶᠢ ᠬᠤᠪᠢᠷᠠᠭᠤᠯᠵᠤ᠂ ᠡᠴᠦᠰ ᠲᠡᠭᠡᠨ ᠢᠨᠰᠦ᠋ᠯᠢᠨ ᠤ ᠡᠳ᠋ ᠤᠨ ᠬᠡᠪ ᠤᠨ ᠢᠯᠭᠠᠷᠠᠭᠤᠯᠤᠯᠳᠠ ᠶᠢ ᠨᠥᠯᠥᠭᠡᠯᠡᠨ᠎ᠡ᠃ ᠰᠢᠷᠠᠰᠤ ᠶᠢᠨ ᠤᠭᠤᠷᠠᠭ ᠨᠢ ᠢᠨᠰᠦ᠋ᠯᠢᠨ ᠤ ᠡᠳ᠋ ᠤᠨ ᠡᠰᠡᠷᠭᠦᠴᠡᠯ ᠢ ᠰᠠᠶᠢᠵᠢᠷᠠᠭᠤᠯᠳᠠᠭ᠃ ᠪᠠᠰᠠ ᠵᠠᠷᠢᠮ ᠠᠮᠢᠲᠠᠨ ᠤ ᠲᠤᠷᠰᠢᠯᠲᠠ ᠭᠡᠷᠡᠴᠢᠯᠡᠭᠰᠡᠨ ᠨᠢ᠄ ᠭᠦᠢᠴᠡᠳ ᠬᠡᠮᠵᠢᠶᠡᠨ ᠤ ᠺᠠᠯᠼ ᠨᠢ ᠲᠣᠮᠣ ᠬᠤᠯᠤᠭᠠᠨ᠎ᠠ ᠶᠢᠨ ᠪᠡᠶ᠎ᠡ ᠶᠢᠨ ᠬᠦᠨᠳᠦ᠂ ᠴᠢᠰᠤᠨ ᠴᠠᠶᠢᠪᠠᠩ ᠤᠨ ᠶᠡᠷᠦᠩᠬᠡᠢ ᠰᠥᠰᠥᠨ ᠤ ᠭᠤᠨᠠᠨ ᠠᠯᠺᠣᠣᠯ ᠤᠨ ᠬᠡᠮᠵᠢᠶ᠎ᠡ ᠶᠢ ᠪᠠᠭᠤᠷᠠᠭᠤᠯᠬᠤ ᠶᠢᠨ ᠬᠠᠮᠲᠤ᠂ ᠶᠡᠭᠡ ᠢᠨᠰᠦᠯᠢᠨᠲᠦ ᠴᠢᠰᠤᠨ ᠭᠡᠮ ᠢ ᠰᠠᠶᠢᠵᠢᠷᠠᠭᠤᠯᠤᠨ᠎ᠠ᠃ ᠡᠭᠦᠨ ᠠᠴᠠ ᠭᠠᠳᠠᠨ᠎ᠠ᠂ ᠦᠨᠢᠶᠡᠨ ᠰᠦ ᠳᠣᠲᠣᠷᠠᠬᠢ ᠬᠤᠣᠰᠮᠠᠭ ᠳᠤᠲᠠᠭᠤ ᠲᠣᠰᠣᠨ ᠬᠦᠴᠢᠯ ᠨᠢ ᠲᠣᠮᠣ ᠬᠤᠯᠤᠭᠠᠨ᠎ᠠ ᠶᠢᠨ ᠶᠡᠭᠡ ᠢᠨᠰᠦᠯᠢᠨᠲᠦ ᠴᠢᠰᠤᠨ ᠬᠡᠮ ᠪᠠ ᠶᠡᠭᠡ ᠰᠢᠬᠢᠷᠲᠦ ᠴᠢᠰᠤᠨ ᠬᠡᠮ ᠢ ᠢᠯᠡᠳᠲᠡ ᠰᠠᠶᠢᠵᠢᠷᠠᠭᠤᠯᠵᠤ ᠪᠣᠯᠣᠨ᠎ᠠ᠃ ᠡᠶᠢᠮᠦ ᠠᠴᠠ ᠴᠢᠰᠤᠨ ᠰᠢᠬᠢᠷ ᠢ ᠬᠢᠵᠠᠭᠠᠷᠯᠠᠬᠤ ᠬᠥᠮᠥᠰ ᠢᠯᠡᠭᠦᠬᠡᠨ ᠰᠦ ᠤᠤᠭᠤᠬᠤ ᠶᠢ ᠰᠠᠨᠠᠭᠤᠯᠤᠶ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号