| | ᠡᠨᠡ ᠵᠢᠯ ᠠᠴᠠ ᠨᠠᠰᠢ᠂ ᠲᠣᠭᠤᠷᠢᠭ ᠤᠨ ᠠᠵᠤ ᠦᠢᠯᠡᠳᠪᠦᠷᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ᠂ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠲᠣᠮᠢᠯᠠᠨ ᠰᠠᠭᠤᠯᠭᠠᠬᠤ ᠵᠡᠷᠭᠡ ᠣᠯᠠᠨ ᠵᠦᠢᠯ ᠤᠨ ᠠᠷᠭ᠎ᠠ | ᠬᠡᠮᠵᠢᠶ᠎ᠡ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠶᠡᠬᠡᠪᠡᠷ | ᠪᠤᠶᠢᠵᠢᠭᠤᠯᠵᠤ᠂ ᠪᠥᠬᠦ ᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 68᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 6 ᠪᠤᠶᠢᠵᠢᠭᠤᠯᠪᠠ︔ ︽ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠤᠭᠯᠠᠭᠠᠨ ᠤ ᠵᠣᠴᠢᠨ ᠤ ᠲᠢᠩᠬᠢᠮ︾᠂ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠵᠡᠷᠭᠡ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠵᠠᠬᠢᠶᠠᠯᠠᠭ᠎ᠠ ᠶᠢᠨ | ᠬᠠᠭᠤᠳᠠᠰᠤ ᠡᠷᠢᠵᠦ ᠮᠡᠷᠭᠡᠵᠢᠯ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠢᠳᠡᠪᠬᠢᠲᠡᠢ ᠬᠥᠲᠥᠯᠥᠨ ᠵᠢᠯᠣᠭᠤᠳᠪᠠ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠮᠡᠷᠭᠡᠵᠢᠯ ᠤᠨ ᠦᠢᠯᠡᠴᠢᠯᠡᠭᠡᠨ ᠤ ᠳᠠᠪᠬᠤᠷ ᠬᠥᠳᠡᠯᠭᠡᠭᠦᠷ ᠳᠣᠣᠷ᠎ᠠ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠬᠥᠭᠵᠢᠭᠡᠵᠦ᠂ 2024 | ᠣᠨ ᠤ 1 - 11 ᠰᠠᠷ᠎ᠠ ᠳᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠦᠢᠯᠡᠳᠬᠦᠨ ᠤ ᠥᠷᠲᠡᠭ 5471.4 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 74.5% ᠪᠠᠷ ᠨᠡᠮᠡᠭᠳᠡᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠰᠠᠶᠢᠨ | ᠪᠠᠶᠢᠵᠤ᠂ ᠪᠦᠬᠦ ᠣᠷᠣᠨ ᠤ ᠠᠵᠤ ᠠᠬᠤᠢ ᠳᠤ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠮᠡᠷᠢᠯᠡᠨ᠎ᠡ᠃ | | | | | | | | | | |