ᠬᠤᠷᠠᠭᠰᠠᠨ ᠴᠠᠰᠤ ᠶᠢ ᠠᠷᠢᠯᠭᠠᠵᠤ ᠠᠷᠠᠳ ᠤᠨ ᠵᠣᠪᠠᠨᠢᠯ ᠢ ᠠᠷᠢᠯᠭᠠᠵᠤ᠂ ᠶᠠᠪᠤᠵᠤ ᠰᠠᠭᠤᠬᠤ ᠳᠤ ᠲᠦᠭᠦᠮ ᠦᠵᠡᠭᠦᠯᠵᠤ ᠠᠷᠠᠳ ᠤᠨ ᠰᠡᠳᠬᠢᠯ ᠢ  ᠳᠤᠯᠠᠭᠠᠴᠠᠭ᠋᠊
ᠨᠡᠶᠢᠲᠡᠯᠡᠭᠰᠡᠨ ᠴᠠᠭ᠄
2024/12/23
    ᠬᠤᠶᠢᠯᠠᠷᠠᠨ ᠬᠠᠶᠠᠯᠠᠬᠤ ᠴᠠᠰᠤ  ᠦᠵᠡᠰᠬᠦᠯᠡᠩᠲᠦ ᠰᠠᠶᠢᠬᠠᠨ ᠦᠵᠡᠮᠵᠢ ᠶᠢ ᠠᠪᠴᠢᠷᠠᠬᠤ ᠶᠢᠨ ᠬᠠᠮᠲᠤ ᠪᠠᠰᠠ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ  ᠪᠣᠯᠭᠠᠪᠠ᠃ ᠬᠤᠷᠠᠭᠰᠠᠨ ᠴᠠᠰᠤ  ᠮᠦᠰᠤ ᠪᠣᠯᠤᠨ ᠬᠥᠯᠳᠡᠬᠦ ᠶᠢ ᠰᠡᠷᠭᠡᠶᠢᠯᠡᠵᠦ᠂ ᠠᠮᠤᠷ ᠲᠦᠪᠰᠢᠨ ᠤ ᠭᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠵᠡᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠬᠦ ᠶᠢᠨ ᠲᠥᠯᠥᠭᠡ᠂ 12 ᠰᠠᠷ᠎ᠠ ᠶᠢᠨ 19 ᠤ ᠡᠳᠦᠷ᠂ ᠪᠠᠶᠠᠨᠰᠢᠯᠢ ᠵᠡᠭᠡᠯᠢ ᠭᠤᠳᠤᠮᠵᠢ ᠶᠢᠨ ᠬᠢᠨ  ᠬᠥᠮᠦᠨ ᠤ ᠬᠦᠴᠦᠨ ᠪᠣᠳᠠᠰ ᠤᠨ ᠬᠦᠴᠦᠨ ᠢ ᠢᠳᠡᠪᠬᠢᠲᠡᠢ ᠪᠠᠶᠢᠷᠢᠯᠠᠭᠤᠯᠵᠤ᠂ ᠪᠠᠶᠢᠭᠤᠯᠭ᠎ᠠ᠂ ᠡᠯ᠎ᠡ ᠲᠣᠰᠬᠤᠨ  ᠭᠡᠷ ᠬᠤᠷᠢᠶᠠᠯᠠᠯ ᠢ ᠵᠣᠬᠢᠶᠠᠨ ᠪᠠᠶᠢᠭᠤᠯᠤᠨ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠤ᠂ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠦᠢᠯᠡᠳᠦᠯᠭᠡᠵᠢᠭᠦᠯᠪᠡ᠃
1111.jpg
    ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠢ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠡᠮᠦᠷ ᠬᠦᠷᠵᠡ᠂ ᠱᠦᠭᠦᠷ ᠵᠡᠷᠭᠡ ᠪᠠᠭᠠᠵᠢ ᠪᠠᠷ ᠬᠠᠷᠢᠶ᠎ᠠ ᠣᠷᠣᠨ ᠤ ᠪᠠᠨ ᠭᠤᠣᠯ ᠵᠠᠮ ᠵᠢᠴᠢ ᠣᠯᠠᠨ ᠨᠡᠶᠢᠲᠡ ᠶᠢᠨ ᠣᠷᠣᠨ ᠪᠦᠰᠡ ᠳᠤ ᠨᠢᠭᠡ ᠤᠳᠠᠭ᠎ᠠ ᠲᠥᠪᠯᠡᠷᠡᠭᠦᠯᠦᠨ ᠴᠡᠭᠴᠡᠯᠡᠨ ᠵᠠᠰᠠᠯᠲᠠ ᠬᠢᠵᠡᠢ᠃ ᠣᠯᠠᠨ ᠤ ᠬᠠᠮᠲᠤ ᠶᠢᠨ ᠬᠠᠮᠵᠢᠯᠴᠠᠭ᠎ᠠ ᠳᠣᠣᠷ᠎ᠠ᠂ 1 ᠴᠠᠭ ᠰᠢᠬᠠᠮ ᠡᠷᠡᠯᠬᠡᠭᠯᠡᠨ ᠪᠠᠶᠢᠯᠳᠤᠬᠤ ᠪᠠᠷ ᠳᠠᠮᠵᠢᠨ᠂ ᠬᠠᠷᠢᠶᠠᠲᠤ ᠣᠷᠣᠨ ᠤ  ᠴᠠᠰᠤ ᠬᠤᠷᠠᠭᠰᠠᠨ ᠪᠠᠶᠢᠳᠠᠯ ᠢᠯᠡᠳᠲᠡ ᠰᠠᠶᠢᠵᠢᠷᠠᠵᠤ᠂ ᠵᠠᠮ ᠤᠨ ᠰᠠᠭᠠᠳ ᠦᠭᠡᠢ ᠨᠡᠪᠲᠡᠷᠡᠬᠦ ᠶᠢ ᠴᠠᠭ ᠲᠤᠬᠠᠢ ᠳᠤᠨᠢ ᠪᠠᠲᠤᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠳᠥᠭᠦᠮ ᠦᠵᠡᠭᠦᠯᠪᠡ᠃
2222.jpg
    ᠲᠤᠰ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠳᠤ ᠪᠠᠶᠠᠨᠰᠢᠯᠢ ᠵᠡᠭᠡᠯᠢ ᠭᠤᠳᠤᠮᠵᠢ ᠶᠢᠨ ᠬᠢᠨ ᠬᠦᠴᠢᠷ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠵᠣᠪᠠᠭᠤᠷᠢ ᠵᠦᠳᠡᠭᠦᠷᠢ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠣᠯᠠᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠨᠡᠮᠡᠭᠳᠡᠭᠦᠯᠪᠡ᠃ ᠵᠠᠯᠭᠠᠭᠠᠳ᠂ ᠪᠠᠶᠠᠨᠰᠢᠯᠢ ᠵᠡᠭᠡᠯᠢ ᠭᠤᠳᠤᠮᠵᠢ ᠶᠢᠨ ᠬᠢᠨ ᠴᠠᠭ ᠠᠭᠤᠷ ᠤᠨ ᠬᠤᠪᠢᠷᠠᠯᠲᠠ ᠶᠢ ᠦᠷᠭᠦᠯᠵᠢᠯᠡᠨ ᠠᠩᠬᠠᠷᠴᠤ᠂ ᠴᠠᠰᠤᠨ ᠤ ᠪᠠᠶᠢᠳᠠᠯ ᠢ ᠴᠢᠩᠭ᠎ᠠ ᠠᠩᠬᠠᠷᠴᠤ᠂ ᠣᠨᠴᠠᠭᠠᠢ ᠴᠠᠭ ᠠᠭᠤᠷ  ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠢᠶᠠᠷ  ᠶᠠᠪᠤᠵᠤ ᠰᠠᠭᠤᠬᠤ ᠳᠤ ᠪᠠᠲᠤᠯᠠᠭ᠎ᠠ ᠬᠠᠩᠭᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号