ᠡᠪᠦᠯ ᠤᠨ ᠲᠤᠶᠢᠯ ᠪᠣᠯ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠶᠢ ᠠᠴᠢᠶᠠᠯᠠᠵᠤ ᠪᠠᠶᠢᠭ᠎ᠠ | ᠤᠯᠠᠮᠵᠢᠯᠠᠯᠲᠤ ᠪᠠᠶᠠᠷ ᠤᠨ ᠡᠳᠦᠷ ᠪᠣᠯᠬᠤ ᠶᠤᠮ᠃ ᠡᠨᠡᠬᠦ ᠬᠠᠶᠢᠷ᠎ᠠ ᠬᠠᠯᠠᠮᠵᠢ ᠪᠢᠯᠬᠠᠭᠰᠠᠨ ᠡᠳᠦᠷ ᠲᠤ᠂ ᠭᠡᠷ | ᠬᠤᠷᠢᠶᠠᠯᠠᠯ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠪᠠᠶᠠᠰᠬᠤᠯᠠᠩ ᠲᠠᠢ | ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠬᠤᠩ ᠰᠢᠶᠠᠩ ᠭᠡᠷ | ᠬᠤᠷᠢᠶᠠᠯᠠᠯ ᠤᠨ ᠬᠢᠨ ᠨᠠᠷᠢᠨ ᠨᠢᠮᠪᠠᠢ ᠲᠦᠰᠦᠪᠯᠡᠵᠤ ᠨᠠᠰᠤᠲᠠᠨ ᠢ ᠲᠤᠰᠠᠯᠠᠬᠤ ᠬᠤᠭᠤᠯᠠᠨ ᠭᠡᠷ ᠲᠤ ᠪᠠᠩᠰᠢ | ᠪᠠᠷᠢᠬᠤ ᠠᠵᠢᠯᠯᠠᠭ᠎ᠠ ᠦᠷᠨᠢᠭᠦᠯᠪᠡ᠃ | | | | ᠬᠤᠩ ᠰᠢᠶᠠᠩ ᠭᠡᠷ ᠬᠤᠷᠢᠶᠠᠯᠠᠯ ᠤᠨ ᠨᠠᠰᠤᠲᠠᠶᠢᠴᠤᠳ ᠢ ᠲᠤᠰᠠᠯᠠᠬᠤ ᠬᠤᠭᠤᠯᠠᠨ ᠭᠡᠷ ᠠᠵᠢᠯ ᠢᠶᠠᠨ | ᠤᠷᠤᠭᠰᠢᠲᠠᠢ ᠡᠬᠢᠯᠡᠭᠦᠯᠦᠭᠰᠡᠨ ᠨᠢ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ | ᠪᠠᠶᠠᠨᠰᠢᠯᠢ ᠵᠡᠭᠡᠯᠢ ᠭᠤᠳᠤᠮᠵᠢ ᠶᠢᠨ ᠭᠦᠨ ᠵᠤᠵᠠᠭᠠᠨ ᠬᠠᠯᠠᠮᠵᠢᠯᠠᠯ ᠪᠠ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ | ᠦᠭᠡᠢ ᠪᠥᠭᠡᠳ ᠢᠦᠢ ᠳ᠋ᠦᠩ ᠨᠠᠰᠤᠲᠠᠶᠢᠴᠤᠳ ᠤᠨ ᠬᠦᠷᠢᠶᠡᠯᠡᠩ ᠤᠨ ᠪᠦᠬᠦ ᠬᠦᠴᠦᠨ ᠤ ᠬᠠᠮᠵᠢᠯᠴᠠᠭ᠎ᠠ ᠪᠠ | ᠢᠳᠡᠪᠬᠢᠲᠡᠢ ᠣᠷᠣᠯᠴᠠᠯᠭ᠎ᠠ ᠠᠴᠠ ᠴᠤ ᠰᠠᠯᠵᠤ ᠴᠢᠳᠠᠬᠤ ᠦᠭᠡᠢ ᠶᠤᠮ᠃ ᠡᠶᠢᠮᠦᠷᠬᠦ ᠵᠠᠰᠠᠭ ᠠᠵᠤ ᠠᠬᠤᠶᠢᠯᠠᠯ ᠭᠠᠷ | ᠬᠤᠯᠪᠣᠯᠴᠠᠨ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠬᠠᠮᠲᠤᠷᠠᠨ ᠠᠵᠢᠯᠯᠠᠬᠤ ᠵᠠᠭᠪᠤᠷ ᠨᠢ ᠭᠡᠷ | ᠬᠤᠷᠢᠶᠠᠯᠠᠯ ᠤᠨ ᠨᠠᠰᠤᠲᠠᠶᠢᠴᠤᠳ ᠢ ᠲᠤᠰᠠᠯᠠᠬᠤ ᠬᠤᠭᠤᠯᠠᠨ ᠭᠡᠷ ᠤᠨ ᠪᠠᠶᠢᠭᠤᠯᠤᠭᠳᠠᠬᠤ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠠᠰᠤᠲᠠᠶᠢᠴᠤᠳ ᠤᠨ ᠬᠤᠭᠤᠯᠠ ᠢᠳᠡᠬᠦ ᠬᠦᠴᠢᠷ | ᠠᠰᠠᠭᠤᠳᠠᠯ ᠢ ᠴᠤ ᠰᠢᠢᠳᠪᠦᠷᠢᠯᠡᠵᠦ᠂ ᠭᠡᠷ ᠬᠤᠷᠢᠶᠠᠯᠠᠯ ᠤᠨ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡᠨ ᠤ | ᠰᠢᠨ᠎ᠡ ᠶᠢ ᠡᠭᠦᠳᠦᠭᠰᠡᠨ ᠦᠢᠯᠡᠳᠦᠯᠭᠡ ᠶᠢ ᠢᠯᠡᠷᠡᠭᠦᠯᠦᠭᠰᠡᠨ ᠪᠠᠶᠢᠨ᠎ᠠ᠃ | ᠡᠨᠡ ᠬᠦ ᠠᠵᠠ ᠲᠣᠬᠢᠶᠠᠯ ᠢ ᠠᠰᠢᠭᠯᠠᠨ᠂ ᠬᠤᠩ ᠰᠢᠶᠠᠩ ᠭᠡᠷ ᠬᠤᠷᠢᠶᠠᠯᠠᠯ ᠨᠢ ᠢᠦᠢ ᠳ᠋ᠦᠩ | ᠨᠠᠰᠤᠲᠠᠶᠢᠴᠤᠳ ᠤᠨ ᠬᠦᠷᠢᠶᠡᠯᠡᠩ ᠤᠨ ᠬᠤᠭᠤᠯᠠᠨ ᠭᠡᠷ᠂ ᠪᠠᠶᠠᠨᠰᠢᠯᠢ ᠲᠣᠮᠢᠯᠠᠭᠰᠠᠨ ᠰᠠᠯᠪᠤᠷᠢ᠂ ᠬᠠᠷᠢᠶᠠᠲᠤ | ᠣᠷᠣᠨ ᠤ ᠠᠬᠠᠮᠠᠳ ᠨᠠᠮ ᠤᠨ ᠭᠡᠰᠢᠭᠦᠨ ᠵᠢᠴᠢ ︽ᠲᠠᠪᠤᠨ ᠠᠬᠠᠮᠠᠳ︾ ᠤᠨ ᠪᠦᠷᠢᠯᠳᠦᠬᠦᠨ ᠨᠡᠷ ᠲᠠᠢ ᠬᠠᠮᠲᠤᠷᠠᠨ᠂ | ᠪᠠᠩᠰᠢ ᠪᠠᠷᠢᠵᠤ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠬᠠᠮᠲᠤ ᠪᠠᠷ ᠡᠷᠭᠢᠯᠡᠵᠦ᠂ | ᠨᠠᠰᠤᠲᠠᠶᠢᠴᠤᠳ ᠲᠠᠢ ᠤᠯᠠᠮᠵᠢᠯᠠᠯᠲᠤ ᠪᠠᠶᠠᠷ ᠤᠨ ᠡᠳᠦᠷ ᠢ ᠦᠩᠭᠡᠷᠡᠭᠡᠬᠦ ᠶᠢᠨ ᠬᠠᠮᠲᠤ ᠨᠠᠰᠤᠲᠠᠨ ᠢ ᠲᠤᠰᠠᠯᠠᠬᠤ | ᠬᠤᠭᠤᠯᠠᠨ ᠭᠡᠷ ᠪᠠᠶᠢᠭᠤᠯᠤᠭᠳᠠᠭᠰᠠᠨ ᠢ ᠬᠠᠮᠲᠤ ᠪᠠᠷ ᠪᠡᠯᠭᠡᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠠᠷᠢᠶᠠᠲᠤ ᠣᠷᠣᠨ ᠤ ᠨᠠᠰᠤᠲᠠᠶᠢᠴᠤᠳ ᠭᠡᠬᠦᠳᠡᠭ ᠳᠦᠭᠦᠷᠡᠩ | ᠡᠷᠡᠮᠡᠯᠵᠡᠯ ᠲᠠᠢ ᠬᠤᠭᠤᠯᠠᠨ ᠭᠡᠷ ᠲᠤ ᠬᠦᠷᠴᠦ ᠢᠷᠡᠪᠡ᠃ ᠬᠤᠭᠤᠯᠠᠨ ᠭᠡᠷ ᠲᠤ ᠥᠩᠭᠡᠲᠦ ᠳ᠋ᠧᠩ ᠠᠰᠠᠭᠠᠵᠤ᠂ | ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠮ᠎ᠠ᠃ ᠠᠵᠢᠯᠲᠠᠳ ᠪᠠᠩᠰᠢ ᠪᠠᠷᠢᠬᠤ ᠡᠯ᠎ᠡ ᠵᠦᠢᠯ ᠤᠨ | ᠢᠳᠡᠭᠡᠨ ᠤ ᠮᠠᠲ᠋ᠧᠷᠢᠶᠠᠯ ᠢ ᠨᠠᠷᠢᠨ ᠨᠢᠮᠪᠠᠢ ᠪᠦᠷᠢᠨ ᠪᠡᠯᠡᠳᠬᠡᠵᠦ᠂ ᠣᠯᠠᠨ ᠢᠶᠠᠷ ᠢᠶᠠᠨ ᠬᠦᠷᠢᠶᠡᠯᠡᠨ ᠰᠠᠭᠤᠵᠤ᠂ | ᠬᠠᠨᠴᠤᠢ ᠪᠠᠨ ᠰᠢᠮᠠᠯᠠᠵᠤ ᠪᠠᠶᠠᠷ ᠪᠠᠶᠠᠰᠬᠤᠯᠠᠩᠲᠡᠢ ᠪᠠᠩᠰᠢ ᠪᠠᠷᠢᠵᠤ ᠡᠬᠢᠯᠡᠪᠡ᠃ ᠭᠡᠷ ᠬᠤᠷᠢᠶᠠᠯᠠᠯ ᠤᠨ ᠯᠢ ᠠᠨᠢᠶ᠎ᠠ | ᠪᠠᠶᠠᠷᠲᠠᠢ ᠪᠠᠷ᠄ ︽ᠤᠳᠠᠭᠠᠨ ᠵᠢᠯ ᠡᠶᠢᠮᠦᠷᠬᠦ ᠪᠠᠶᠠᠷ ᠬᠥᠷ ᠲᠤᠯᠭᠠᠷᠠᠭᠰᠠᠨ ᠦᠭᠡᠢ᠂ ᠨᠠᠮᠠᠶᠢ ᠵᠠᠯᠠᠭᠤ ᠶᠢᠨ ᠦᠶ᠎ᠡ ᠶᠢᠨ | ᠰᠠᠶᠢᠨ ᠰᠠᠶᠢᠬᠠᠨ ᠴᠠᠭ ᠮᠥᠴᠡ ᠶᠢ ᠰᠠᠨᠠᠭᠳᠠᠭᠤᠯᠤᠨ᠎ᠠ︾ ᠭᠡᠪᠡ᠃ ᠵᠧᠦ ᠠᠪᠠᠭ᠎ᠠ ᠴᠤ ᠶᠡᠭᠡ ᠰᠡᠭᠦᠷᠡᠰᠦ ᠠᠯᠳᠠᠵᠤ ᠄ | ︽ᠲᠡᠶᠢᠮᠦ᠂ ᠡᠶᠢᠮᠦ ᠬᠤᠭᠤᠯᠠᠨ ᠭᠡᠷ ᠪᠠᠶᠢᠪᠠᠯ ᠮᠠᠨ ᠤ ᠠᠮᠢᠳᠤᠷᠠᠯ ᠨᠡᠩ ᠪᠠᠶᠠᠯᠢᠭ ᠰᠠᠶᠢᠬᠠᠨ ᠪᠣᠯᠬᠤ ᠰᠠᠨ︾ | ᠭᠡᠪᠡ᠃ | ᠪᠠᠩᠰᠢ ᠪᠠᠷᠢᠬᠤ ᠶᠠᠪᠤᠴᠠ ᠳᠤ᠂ ᠣᠯᠠᠨ ᠢᠶᠠᠷ ᠢᠶᠠᠨ ᠪᠠᠶᠠᠷ ᠬᠦᠷ ᠲᠠᠢ ᠨᠠᠷᠬᠢᠯᠳᠤᠵᠤ᠂ ᠤᠷᠮ᠎ᠠ ᠪᠠᠬ᠎ᠠ ᠪᠠᠨ | ᠬᠤᠪᠢᠶᠠᠯᠴᠠᠨ᠂ ᠬᠦᠮᠦᠰ ᠤᠨ ᠬᠤᠭᠤᠷᠣᠨᠳᠣᠬᠢ ᠬᠠᠷᠢᠴᠠᠭ᠎ᠠ ᠤᠯᠠᠮ ᠨᠢᠭᠡ ᠠᠯᠬᠤᠮ ᠣᠶᠢᠷᠠᠲᠤᠪᠠ᠃ ᠨᠢᠭᠡ | ᠨᠢᠭᠡ ᠫᠢᠯᠠ ᠬᠡᠯᠪᠡᠷᠢ ᠳᠦᠷᠰᠦ ᠨᠢ ᠠᠳᠠᠯᠢ ᠪᠤᠰᠤ ᠪᠣᠯᠪᠠᠴᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠩᠰᠢ ᠶᠢ | ᠤᠳᠠᠯ ᠦᠭᠡᠢ ᠰᠢᠷᠡᠭᠡ ᠳᠦᠭᠦᠷᠡᠩ ᠲᠠᠯᠪᠢᠯ᠎ᠠ᠃ ᠬᠠᠯᠠᠭᠤᠨ ᠠᠭᠤᠷ ᠪᠢᠯᠬᠠᠭᠰᠠᠨ ᠪᠠᠩᠰᠢ ᠰᠢᠷᠡᠭᠡᠨ ᠳᠡᠭᠡᠷ᠎ᠡ | ᠭᠠᠷᠬᠤ ᠦᠶ᠎ᠡ ᠳᠤ᠂ ᠨᠠᠰᠤᠲᠠᠶᠢᠴᠤᠳ ᠤᠨ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠵᠤ᠂ ᠠᠮᠲᠠᠲᠤ | ᠪᠠᠩᠰᠢ ᠶᠢ ᠠᠮᠲᠠᠯᠠᠵᠤ᠂ ᠭᠡᠷ ᠬᠤᠷᠢᠶᠠᠯᠠᠯ ᠤᠨ ᠶᠡᠭᠡ ᠭᠡᠷ ᠪᠦᠯᠢ ᠶᠢᠨ ᠭᠦᠨ ᠬᠠᠶᠢᠷ᠎ᠠ ᠬᠠᠯᠠᠮᠵᠢ ᠶᠢ ᠮᠡᠳᠡᠷᠡᠪᠡ᠃ | ᠶᠠᠭ ᠡᠷᠲᠡᠨ ᠤ ᠰᠢᠯᠦᠭ ᠲᠤ ᠪᠢᠴᠢᠭᠰᠡᠨ ᠰᠢᠭ᠄ ︽ ᠬᠠᠬᠢᠷ ᠰᠥᠨᠢ ᠵᠣᠴᠢᠨ ᠢᠷᠡᠪᠡᠰᠤ ᠬᠠᠯᠠᠭᠤᠨ ᠴᠠᠢ ᠰᠢᠮᠡᠳᠥ | ᠠᠷᠢᠬᠢ ᠮᠡᠳᠥ᠂ ᠬᠤᠯᠤᠰᠤᠨ ᠵᠤᠤᠬᠠᠨ ᠳᠤ ᠣᠷᠬᠢᠯᠤᠨ ᠪᠤᠴᠠᠯᠤᠬᠤᠶᠡ ᠭᠠᠯ ᠤᠨ ᠴᠤᠭ ᠰᠢᠩᠬᠤᠨ ᠤᠯᠠᠭᠠᠨ | ᠪᠣᠯᠤᠮᠤᠢ︾ ᠃ ᠡᠨᠡ ᠬᠦ ᠴᠠᠭ ᠮᠥᠴᠡ ᠳᠤ᠂ ᠬᠤᠭᠤᠯᠠᠨ ᠭᠡᠷ ᠤᠨ ᠬᠥᠷ ᠬᠥᠭᠵᠢᠶᠡᠨ ᠨᠢ ᠡᠪᠦᠯ ᠤᠨ ᠲᠤᠶᠢᠯ ᠤᠨ | ᠬᠠᠮᠤᠭ ᠤᠨ ᠭᠤᠶᠣ ᠦᠵᠡᠮᠵᠢ ᠪᠣᠯᠪᠠ᠃ | ᠬᠤᠩ ᠰᠢᠶᠠᠩ ᠭᠡᠷ ᠬᠤᠷᠢᠶᠠᠯᠠᠯ ᠤᠨ ᠨᠠᠰᠤᠲᠠᠶᠢᠴᠤᠳ ᠢ ᠲᠤᠰᠠᠯᠠᠬᠤ ᠬᠤᠭᠤᠯᠠᠨ ᠭᠡᠷ ᠤᠨ | ᠪᠠᠶᠢᠭᠤᠯᠤᠭᠳᠠᠭᠰᠠᠨ ᠨᠢ ᠨᠠᠰᠤᠲᠠᠶᠢᠴᠤᠳ ᠤᠨ ᠬᠤᠭᠤᠯᠠ ᠤᠮᠳᠠ ᠶᠢᠨ ᠬᠦᠴᠢᠷ ᠠᠰᠠᠭᠤᠳᠠᠯ ᠢ | ᠰᠢᠢᠳᠪᠤᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠰᠣᠯᠢᠯᠴᠠᠭ᠎ᠠ ᠬᠢᠵᠦ ᠬᠠᠷᠢᠯᠴᠠᠨ ᠬᠥᠳᠡᠯᠦᠯᠴᠡᠬᠦ᠂ | ᠨᠥᠬᠦᠷᠯᠡᠯ ᠢᠶᠠᠨ ᠵᠤᠵᠠᠭᠠᠳᠬᠠᠬᠤ ᠲᠠᠪᠴᠠᠩ ᠪᠣᠯᠤᠭᠰᠠᠨ ᠪᠠᠶᠢᠨ᠎ᠠ᠃ ᠡᠪᠦᠯ ᠤᠨ᠋ᠠ ᠡᠨᠡ ᠬᠦ ᠣᠨᠴᠠᠭᠠᠢ ᠡᠳᠦᠷ ᠲᠤ᠂ | ᠣᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠵᠤ᠂ ᠰᠠᠶᠢᠨ ᠰᠠᠶᠢᠬᠠᠨ ᠴᠠᠭ ᠮᠥᠴᠡ ᠶᠢ ᠬᠠᠮᠲᠤ ᠪᠠᠷ | ᠥᠩᠭᠡᠷᠡᠭᠦᠯᠵᠦ᠂ ᠡᠨᠡ ᠡᠪᠦᠯ ᠢ ᠬᠠᠯᠠᠭᠤᠨ ᠳᠤᠯᠠᠭᠠᠨ ᠠᠭᠤᠷ ᠠᠮᠢᠰᠬᠤᠯ ᠢ ᠪᠢᠯᠬᠠᠭᠤᠯᠪᠠ᠃ ᠡᠭᠦᠨ ᠤ ᠬᠠᠮᠲᠤ᠂ | ᠭᠡᠷ ᠬᠤᠷᠢᠶᠠᠯᠠᠯ ᠤᠨ ᠨᠢᠭᠲᠠᠷᠠᠯ ᠤᠨ ᠬᠦᠴᠦᠨ ᠪᠣᠯᠤᠨ ᠲᠥᠪᠯᠡᠩᠭᠦᠢ ᠬᠦᠴᠦᠨ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠭᠡᠷ ᠬᠤᠷᠢᠶᠠᠯᠠᠯ ᠤᠨ ᠨᠠᠰᠤᠲᠠᠨ ᠢ ᠬᠠᠪᠰᠤᠷᠴᠤ ᠨᠠᠰᠤᠲᠠᠨ ᠢ ᠬᠠᠶᠢᠷᠠᠯᠠᠬᠤ ᠦᠢᠯᠡᠴᠢᠯᠡᠭᠡᠨ ᠤ | ᠰᠢᠨ᠎ᠡ ᠬᠠᠭᠤᠳᠠᠰᠤ ᠶᠢ ᠨᠡᠭᠡᠭᠡᠵᠡᠢ᠃ | | | | | | | | | |