ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠤᠷᠤᠭᠴᠢᠳ ᠤᠨ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠯᠴᠠᠬᠤ ᠢᠳᠡᠪᠬᠢᠵᠢᠯ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ ᠂ 2024 ᠣᠨ ᠤ 12 ᠰᠠᠷ᠎ᠠ ᠳᠤ᠂ ᠲᠠᠯᠠᠨ ᠪᠤᠯᠠᠭ ᠲᠣᠮᠢᠯᠠᠭᠰᠠᠨ ᠰᠠᠯᠪᠤᠷᠢ | ᠨᠢ ᠲᠠᠯᠠᠨ ᠪᠤᠯᠠᠭ ᠪᠠᠯᠭᠠᠰᠤᠨ ᠤ ᠵᠠᠰᠠᠭ ᠤᠨ ᠣᠷᠳᠣᠨ᠂ ᠲᠠᠯᠠᠨ ᠪᠤᠯᠠᠭ ᠭᠤᠣᠯ ᠰᠤᠷᠭᠠᠭᠤᠯᠢ ᠲᠠᠢ ᠬᠠᠮᠲᠤᠷᠠᠨ | ᠠᠩᠬᠠᠳᠤᠭᠠᠷ ᠬᠤᠭᠤᠴᠠᠭᠠᠨ ᠤ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠣᠣᠷ ᠢ ᠪᠠᠬᠢᠵᠢᠭᠦᠯᠬᠦ︾ | ᠭᠤᠣᠯ ᠰᠡᠳᠦᠪᠲᠦ ᠭᠠᠷ ᠪᠢᠴᠢᠮᠡᠯ ᠰᠣᠨᠢᠨ ᠤ ᠤᠷᠤᠯᠳᠤᠭᠠᠨ ᠢ ᠡᠷᠬᠢᠯᠡᠪᠡ᠃ | ᠤᠷᠤᠯᠳᠤᠭᠠᠨ ᠨᠢ ᠨᠡᠶᠢᠲᠡ 112 ᠪᠦᠲᠦᠭᠡᠯ ᠢ ᠬᠤᠷᠢᠶᠠᠨ ᠣᠯᠵᠤ᠂ ᠭᠠᠯ ᠤᠨᠲᠠᠷᠠᠭᠠᠬᠤ ᠠᠮᠤᠷ ᠲᠦᠪᠰᠢᠨ ᠳᠤ | ᠬᠤᠯᠪᠣᠭᠳᠠᠬᠤ᠂ ᠰᠤᠷᠭᠠᠭᠤᠯᠢ ᠶᠢᠨ ᠬᠦᠷᠢᠶᠡᠨ ᠳᠠᠬᠢ ᠳᠣᠷᠣᠮᠵᠢᠯᠠᠯ ᠢ ᠡᠰᠡᠷᠭᠦᠴᠡᠬᠦ᠂ ᠭᠠᠵᠢᠭᠤ ᠨᠣᠮᠯᠠᠯ ᠢ | ᠡᠰᠡᠷᠭᠦᠴᠡᠬᠦ᠂ ᠬᠤᠣᠷᠲᠤ ᠡᠳ᠋ ᠢ ᠲᠡᠪᠴᠢᠬᠦ᠂ ᠰᠦᠷᠳᠡᠭᠦᠯᠦᠯ ᠢ ᠡᠰᠡᠷᠭᠦᠴᠡᠬᠦ ᠪᠠ ᠤᠯᠤᠰ ᠤᠨ ᠠᠮᠤᠷ ᠲᠦᠪᠰᠢᠨ | ᠵᠡᠷᠭᠡ ᠠᠭᠤᠯᠭ᠎ᠠ ᠪᠠᠭᠳᠠᠭᠳᠠᠵᠠᠢ᠃ ᠬᠤᠷᠴᠠ ᠰᠢᠷᠦᠭᠦᠨ ᠥᠷᠢᠰᠥᠯᠳᠦᠭᠡᠨ ᠪᠠ ᠴᠢᠩᠭ᠎ᠠ ᠨᠢᠮᠪᠠᠢ | ᠰᠢᠯᠭᠠᠷᠠᠭᠤᠯᠬᠤ ᠪᠠᠷ ᠳᠠᠮᠵᠢᠭᠤᠯᠤᠨ᠂ 6 ᠪᠦᠲᠦᠭᠡᠯ ᠢ ᠰᠢᠯᠭᠠᠷᠠᠭᠤᠯᠤᠨ ᠱᠠᠩᠨᠠᠵᠤ᠂ ᠣᠯᠠᠨ ᠬᠡᠯᠪᠡᠷᠢ ᠶᠢᠨ ᠠᠮᠤᠷ | ᠲᠦᠪᠰᠢᠨ ᠤ ᠬᠥᠮᠦᠵᠢᠯ ᠪᠠ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ | ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠢ ᠪᠠᠲᠤ ᠴᠡᠭᠡᠵᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠶᠠᠪᠤᠳᠠᠯ ᠪᠦᠬᠦᠨ ᠳᠤ ᠠᠮᠤᠷ | ᠲᠦᠪᠰᠢᠨ ᠢ ᠡᠷᠬᠢᠮᠯᠡᠬᠦ᠂ ᠴᠠᠭ ᠢᠮᠠᠭᠲᠠ ᠠᠮᠤᠷ ᠲᠦᠪᠰᠢᠨ ᠢ ᠪᠤᠳᠤᠬᠤ᠂ ᠭᠠᠵᠠᠷ ᠪᠣᠯᠭᠠᠨ ᠳᠤ ᠠᠮᠤᠷ ᠲᠦᠪᠰᠢᠨ ᠢ | ᠴᠢᠬᠤᠯᠠᠴᠢᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠠᠮᠤᠷ ᠲᠦᠪᠰᠢᠨ ᠤ ᠬᠥᠮᠦᠵᠢᠯ ᠢ | ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠪᠡ᠃ | | | | | | | | | | |