11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠠᠯᠪᠠᠨ ᠠᠵᠤ ᠠᠬᠤᠶᠢᠯᠠᠯ 81 | ᠪᠠᠶᠢᠵᠤ᠂ 11 ᠳ᠋ᠦ᠋ᠭᠡᠷ ᠰᠠᠷ᠎ᠠ ᠶᠢᠨ ᠬᠢᠵᠠᠭᠠᠷᠯᠠᠯ ᠠᠴᠠ ᠳᠡᠭᠡᠭᠰᠢᠬᠢ ᠬᠢᠵᠠᠭᠠᠷ ᠲᠤᠭ᠎ᠠ ᠲᠠᠢ ᠠᠵᠤ ᠠᠬᠤᠶᠢᠯᠠᠯ 3.29 | ᠳ᠋ᠦᠩᠰᠢᠭᠤᠷ ᠲᠥᠭᠦᠷᠢᠭ ᠪᠠᠶᠢᠵᠤ᠂ ᠪᠣᠭᠤᠮᠲᠠ ᠶᠢᠨ ᠰᠦᠯᠵᠢᠶ᠎ᠡ ᠪᠣᠯᠲᠠᠯ᠎ᠠ 3.34 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.05% ᠪᠠᠷ ᠨᠡᠮᠡᠭᠳᠡᠨ᠂ 1 - 11 ᠳ᠋ᠦ᠋ᠭᠡᠷ ᠰᠠᠷ᠎ᠠ ᠶᠢᠨ | ᠬᠢᠵᠠᠭᠠᠷᠯᠠᠯ ᠠᠴᠠ ᠳᠡᠭᠡᠭᠰᠢᠬᠢ ᠬᠤᠷᠰᠢᠶ᠎ᠠ ᠨᠡᠶᠢᠲᠡ 34.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 1.96% ᠪᠠᠷ ᠨᠡᠮᠡᠭᠳᠡᠪᠡ᠃ 11 ᠰᠠᠷ᠎ᠠ ᠶᠢᠨ ᠲᠣᠰ ᠰᠠᠷ᠎ᠠ ᠳᠤ᠂ ᠬᠤᠷᠰᠢᠶ᠎ᠠ ᠶᠢᠨ | ᠪᠥᠬᠦ ᠲᠤᠭ᠎ᠠ 7.11 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12. | 68% ᠪᠠᠷ ᠨᠡᠮᠡᠭᠳᠡᠨ᠂ 1 - 11 ᠰᠠᠷ᠎ᠠ ᠳᠤ ᠬᠤᠷᠰᠢᠶᠠᠨ ᠤ ᠪᠥᠬᠦ ᠲᠤᠭ᠎ᠠ ᠨᠡᠶᠢᠲᠡ 62.54 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ᠃ | ᠪᠦᠬᠦ ᠣᠷᠣᠨ ᠤ GDP ᠶᠢᠨ ᠲᠣᠭᠠᠴᠠᠭ᠎ᠠ ᠬᠢᠬᠦ 20 ᠵᠦᠢᠯ ᠤᠨ ᠭᠤᠤᠯᠳᠠᠯᠭ᠎ᠠ ᠲᠠᠢ ᠭᠦᠢᠴᠡᠳᠬᠡᠬᠦ | ᠲᠤᠭ᠎ᠠ ᠶᠢᠨ ᠳᠣᠲᠣᠷ᠎ᠠ᠂ ᠮᠠᠨ ᠤ ᠲᠣᠪᠴᠢᠶ᠎ᠠ 3 ᠠᠵᠢᠯ ᠲᠥᠷᠥᠯ ᠤᠨ 7 ᠵᠦᠢᠯ ᠤᠨ ᠭᠦᠢᠴᠡᠳᠬᠡᠬᠦ ᠲᠤᠭ᠎ᠠ ᠶᠢ | ᠬᠢᠨᠠᠨ ᠬᠡᠮᠵᠢᠬᠦ ᠶᠢ ᠬᠠᠷᠢᠭᠤᠴᠠᠵᠤ᠂ ᠬᠤᠶᠠᠷ ᠡᠷᠦᠬᠡ ᠶᠢᠨ ᠭᠤᠤᠯᠳᠠᠯᠭ᠎ᠠ ᠲᠠᠢ ᠬᠢᠨᠠᠨ ᠬᠡᠮᠵᠢᠬᠦ ᠠᠵᠤ ᠠᠬᠤᠶᠢᠯᠠᠯ ᠢ | ᠬᠠᠷᠢᠭᠤᠴᠠᠨ᠎ᠠ᠃ ᠡᠭᠦᠨ ᠳᠤ ᠂ ᠸᠠᠨ ᠳ᠋ᠠ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠥᠪᠡᠷ ᠤᠨ | ᠦᠷᠳᠡᠭ ᠢ ᠬᠠᠰᠤᠵᠤ ᠬᠡᠯᠲᠦᠷᠢᠭᠦᠯᠦᠭᠡᠳ᠂ ᠬᠤᠳᠠᠯᠳᠤᠭᠠᠨ ᠤ ᠲᠠᠯᠠᠪᠤᠷ ᠤᠨ ᠠᠮᠢᠵᠢᠷᠠᠯ ᠤᠨ ᠬᠦᠴᠦᠨ ᠢ | ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠡᠵᠡᠩᠨᠡᠯᠲᠡ ᠶᠢᠨ ᠣᠷᠣᠯᠭ᠎ᠠ ᠶᠢ 16% ᠪᠠᠷ ᠪᠠᠭᠤᠷᠠᠭᠤᠯᠪᠠ᠃ | ᠨᠡᠯᠢᠶᠡᠳ ᠶᠡᠭᠡ ᠪᠠᠭᠤᠷᠠᠯᠲᠠ ᠲᠠᠢ ᠸᠠᠨ ᠳ᠋ᠠ ᠬᠤᠳᠠᠯᠳᠤᠭᠠᠨ ᠤ ᠬᠠᠮᠢᠶᠠᠷᠤᠯᠲᠠ ᠳᠤ ᠴᠢᠭᠯᠡᠭᠦᠯᠦᠨ᠂ ᠲᠣᠪᠴᠢᠶ᠎ᠠ ᠶᠢᠨ | ᠭᠤᠣᠯ ᠤᠳᠤᠷᠢᠳᠤᠯᠭ᠎ᠠ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠠᠵᠤ ᠠᠬᠤᠶᠢᠯᠠᠯ ᠤᠨ | ᠡᠵᠡᠩᠨᠡᠯᠲᠡ ᠶᠢᠨ ᠪᠠᠶᠢᠳᠠᠯ ᠢ ᠣᠶᠢᠯᠠᠭᠠᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠢ | ᠴᠤᠭᠯᠠᠭᠤᠯᠵᠤ᠂ ᠢᠷᠡᠬᠦ ᠵᠢᠯ ᠤᠨ ᠥᠷᠭᠡᠨ ᠢᠶᠠᠷ ᠤᠬᠠᠭᠤᠯᠬᠤ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠵᠡᠷᠭᠡ | ᠪᠣᠳᠠᠲᠠᠢ ᠠᠷᠭ᠎ᠠ ᠬᠡᠮᠵᠢᠶ᠎ᠡ ᠶᠢ ᠤᠬᠠᠭᠠᠯᠠᠨ ᠰᠡᠳᠦᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠥᠭᠴᠦ᠂ ᠵᠢᠱᠢᠯᠲᠡ ᠪᠠᠷ 2025 ᠣᠨ ᠳᠤ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠶᠢ ᠶᠡᠭᠡ ᠪᠠᠷ ᠳᠡᠭᠡᠭᠰᠢᠯᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ᠠᠵᠤ ᠠᠬᠤᠶᠢᠯᠠᠯ ᠢ ᠰᠤᠷᠪᠤᠯᠵᠢᠯᠠᠵᠤ᠂ | ᠠᠵᠢᠯ ᠲᠥᠷᠥᠯ ᠤᠨ ᠲᠥᠷᠥᠯ ᠢᠯᠭᠠᠯ ᠤᠨ ᠲᠣᠭᠤᠷᠢᠨ ᠳᠤ ᠠᠵᠢᠯ ᠲᠥᠷᠥᠯ ᠨᠢᠭᠡᠪᠦᠷᠢ ᠶᠢᠨ ᠡᠵᠡᠯᠡᠬᠦ ᠬᠠᠷᠢᠴᠠᠯ | ᠴᠢᠬᠤᠯᠠ ᠶᠡᠭᠡ᠂ ᠬᠤᠪᠢ ᠨᠡᠮᠡᠷᠢ ᠦᠵᠡᠭᠦᠯᠬᠦ ᠨᠣᠷᠮ᠎ᠠ ᠥᠨᠳᠥᠷ ᠵᠢᠴᠢ ᠲᠤᠭ᠎ᠠ ᠬᠡᠮᠵᠢᠶ᠎ᠡ ᠠᠴᠠ ᠳᠠᠪᠠᠭᠰᠠᠨ ᠠᠵᠤ | ᠠᠬᠤᠶᠢᠯᠠᠯ ᠢ ᠭᠤᠤᠯᠳᠠᠯᠭ᠎ᠠ ᠲᠠᠢ ᠠᠩᠬᠠᠷᠴᠤ᠂ ᠠᠵᠤ ᠠᠬᠤᠶᠢᠯᠠᠯ ᠤᠨ ᠪᠣᠳᠠᠲᠠᠶ ᠡᠵᠡᠩᠨᠡᠯᠲᠡ ᠶᠢᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠵᠦ᠂ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠵᠦ ᠲᠤᠬᠠᠶᠢᠯᠠᠭᠰᠠᠨ | ᠠᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠰᠠᠷ᠎ᠠ ᠶᠢᠨ ᠡᠬᠢ ᠪᠠᠷ ᠲᠤᠭ᠎ᠠ ᠪᠠᠷᠢᠮᠲᠠ ᠶᠢ ᠴᠢᠩᠭ᠎ᠠ ᠠᠩᠬᠠᠷᠴᠤ᠂ | ᠭᠦᠨᠵᠡᠭᠡᠶ ᠵᠠᠳᠠᠯᠵᠤ᠂ ᠰᠠᠷ᠎ᠠ ᠶᠢᠨ ᠡᠬᠢ ᠪᠠᠷ ᠪᠠᠶᠢᠴᠠᠭᠠᠨ ᠰᠤᠳᠤᠯᠤᠯᠲᠠ ᠬᠢᠵᠦ᠂ ᠤᠷᠢᠳᠴᠢᠯᠠᠨ ᠮᠠᠭᠠᠳᠯᠠᠬᠤ ᠶᠢ | ᠲᠣᠳᠣᠷᠬᠠᠶᠢᠯᠠᠵᠤ᠂ ᠰᠠᠷ᠎ᠠ ᠶᠢᠨ ᠡᠴᠦᠰ ᠲᠤ ᠠᠷᠭᠠᠴᠠᠬᠤ ᠪᠣᠳᠣᠯᠭ᠎ᠠ ᠳᠤᠷᠠᠳᠴᠤ᠂ ᠲᠡᠷᠢᠭᠦᠨ ᠳᠤ ᠣᠷᠣᠬᠤ ᠪᠠᠷ | ᠴᠢᠷᠮᠠᠶᠢᠵᠤ᠂ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠦᠨ᠎ᠡ᠃ | | | | | | | | | | | | | | |