ᠡᠷᠡᠭᠦᠯ ᠠᠲᠤ ᠶᠢ ᠬᠠᠯᠠᠮᠵᠢᠯᠠᠨ᠂ ᠭᠡᠷ ᠬᠤᠷᠢᠶᠠᠯᠠᠯ ᠤᠨ ᠬᠠᠯᠠᠮᠵᠢ ᠶᠢ ᠬᠦᠷᠭᠡᠯ᠎ᠡ
ᠨᠡᠶᠢᠲᠡᠯᠡᠭᠰᠡᠨ ᠴᠠᠭ᠄
2024/12/24
    ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠲᠥᠯᠥᠭᠡ᠂ 12 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠸᠠᠨ ᠺᠧ  ᠭᠡᠷ ᠬᠤᠷᠢᠶᠠᠯᠠᠯ᠎ᠠ ᠵᠢᠦ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠡᠷᠡᠭᠦᠯ ᠮᠡᠨᠳᠦ ᠶᠢ ᠬᠠᠯᠠᠮᠵᠢᠯᠠᠬᠤ  ᠭᠡᠷ ᠬᠤᠷᠢᠶᠠᠯᠠᠯ ᠤᠨ ᠬᠠᠯᠠᠮᠵᠢ  ᠶᠢ ᠬᠦᠷᠭᠡᠬᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
1111.jpg
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠦ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯ ᠤᠨ ᠡᠮᠴᠢᠯᠡᠭᠡᠨ ᠤ ᠪᠦᠯᠬᠦᠮ ᠰᠠᠭᠤᠭᠠᠯᠢ ᠠᠷᠠᠳ ᠨᠢᠭᠡᠪᠦᠷᠢ ᠳᠤ ᠬᠦᠯᠢᠴᠡᠩᠭᠦᠢ ᠪᠠᠷ ᠨᠠᠷᠢᠨ ᠪᠠᠶᠢᠴᠠᠭᠠᠯᠲᠠ ᠬᠢᠵᠡᠢ᠃ ᠴᠢᠰᠤᠨ ᠳᠠᠷᠤᠯᠲᠠ ᠴᠢᠰᠤᠨ ᠰᠢᠬᠢᠷ ᠢ ᠬᠡᠮᠵᠢᠬᠦ ᠣᠷᠣᠨ ᠳᠤ᠂ ᠰᠠᠭᠤᠭᠠᠯᠢ ᠠᠷᠠᠳ ᠡᠮᠬᠢ ᠵᠢᠷᠤᠮ ᠲᠠᠢ ᠪᠠᠷ ᠮᠥᠷᠯᠡᠵᠦ᠂ ᠡᠮᠴᠢ ᠰᠤᠪᠢᠯᠠᠭᠴᠢᠳ ᠲᠤᠭ᠎ᠠ ᠪᠠᠷᠢᠮᠲᠠ ᠶᠢ ᠨᠠᠷᠢᠨ ᠬᠢᠨᠠᠮᠠᠭᠠᠢ ᠲᠡᠮᠳᠡᠭᠯᠡᠬᠦ ᠶᠢᠨ ᠬᠠᠮᠲᠤ ᠴᠢᠰᠤᠨ ᠳᠠᠷᠤᠯᠲᠠ ᠪᠤᠶᠤ ᠴᠢᠰᠤᠨ ᠰᠢᠬᠢᠷ ᠢᠶᠠᠷ ᠥᠨᠳᠥᠷ ᠪᠠᠶᠢᠭ᠎ᠠ ᠰᠠᠭᠤᠭᠠᠯᠢ ᠠᠷᠠᠳ ᠲᠤ ᠢᠳᠡᠭᠡᠨ ᠤᠮᠳᠠᠭᠠᠨ᠂ ᠲᠠᠮᠢᠷ ᠤᠨ ᠬᠥᠳᠡᠯᠭᠡᠭᠡᠨ ᠤ ᠲᠠᠯ᠎ᠠ ᠶᠢᠨ ᠲᠤᠰᠬᠠᠢ ᠮᠡᠷᠭᠡᠵᠢᠯ ᠤᠨ ᠰᠠᠨᠠᠭᠤᠯᠭ᠎ᠠ  ᠦᠭᠭᠦᠭᠰᠡᠨ ᠪᠠᠶᠢᠨ᠎ᠠ᠃  ᠵᠢᠷᠦᠬᠡᠨ ᠤ ᠯᠤᠭᠰᠢᠯᠲᠠ  ᠪᠠᠶᠢᠴᠠᠭᠠᠬᠤ ᠦᠷᠦᠭᠡᠨ ᠳᠤ᠂ ᠲᠡᠷᠢᠭᠦᠨ ᠤ ᠲᠥᠬᠦᠭᠡᠷᠦᠮᠵᠢ ᠨᠢ ᠰᠠᠭᠤᠭᠠᠯᠢ ᠠᠷᠠᠳ ᠤᠨ ᠵᠢᠷᠦᠬᠡᠨ ᠤ ᠡᠷᠡᠭᠦᠯ ᠮᠡᠨᠳᠦ ᠶᠢᠨ ᠪᠠᠶᠢᠳᠠᠯ ᠢ ᠲᠦᠷᠭᠡᠨ ᠪᠥᠭᠡᠳ ᠣᠨᠣᠪᠴᠢᠲᠠᠢ ᠰᠢᠯᠭᠠᠨ ᠪᠠᠶᠢᠴᠠᠭᠠᠵᠤ᠂ ᠡᠮᠴᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ ᠥᠪᠡᠷᠮᠢᠴᠡ ᠡᠷᠡᠭᠦᠯ ᠮᠡᠨᠳᠦ ᠶᠢᠨ ᠵᠢᠯᠣᠭᠤᠳᠣᠯᠭ᠎ᠠ ᠣᠯᠭᠤᠨ᠎ᠠ᠃ ᠡᠩ ᠤᠨ ᠭᠠᠳᠠᠷ ᠡᠮᠨᠡᠯᠭᠡ᠂ ᠵᠢᠷᠦᠬᠡᠨ ᠤ ᠳᠣᠲᠣᠷ ᠰᠠᠯᠠᠭ᠎ᠠ᠂ ᠬᠤᠰᠬᠢᠨᠠᠭ ᠭᠡᠳᠡᠰᠦᠨ ᠤ ᠰᠠᠯᠠᠭᠠᠨ ᠤ ᠲᠤᠰᠬᠠᠢ ᠮᠡᠷᠭᠡᠵᠢᠯᠲᠡᠳ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠵᠥᠪᠯᠡᠯᠭᠡ ᠥᠭᠬᠦ ᠪᠠ ᠠᠩᠬ᠎ᠠ ᠠᠯᠬᠤᠮ ᠤᠨ ᠣᠨᠣᠰᠢᠯᠠᠯᠲᠠ ᠬᠢᠵᠦ᠂ ᠰᠠᠭᠤᠭᠠᠯᠢ ᠠᠷᠠᠳ ᠤᠨ ᠡᠯ᠎ᠡ ᠲᠥᠷᠥᠯ ᠤᠨ ᠡᠪᠡᠳᠴᠢᠨ ᠤ ᠲᠤᠬᠠᠢ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠡᠳᠡᠨ ᠢ ᠬᠠᠪᠰᠤᠷᠤᠨ ᠲᠤᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠨᠢ ᠣᠶᠢᠯᠠᠭᠠᠭᠤᠯᠬᠤ ᠶᠢᠨ ᠬᠠᠮᠲᠤ ᠵᠣᠬᠢᠴᠠᠩᠭᠤᠢ ᠡᠮᠴᠢᠯᠡᠭᠡᠨ ᠤ ᠰᠠᠨᠠᠭᠤᠯᠭ᠎ᠠ ᠬᠠᠩᠭᠠᠪᠠ᠃ ᠬᠢᠲᠠᠳ ᠡᠮᠨᠡᠯᠭᠡ ᠶᠢᠨ ᠰᠠᠯᠠᠭᠠᠨ ᠤ ᠣᠨᠣᠰᠢᠯᠠᠨ ᠡᠮᠨᠡᠬᠦ ᠣᠷᠣᠨ ᠮᠠᠰᠢ ᠶᠡᠭᠡ ᠬᠦᠷᠢᠶᠡᠯᠡᠯ ᠢ ᠣᠯᠵᠤ᠂ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠦᠵᠡᠵᠦ ᠰᠣᠨᠣᠰᠬᠤ  ᠰᠤᠳᠠᠯ ᠪᠠᠷᠢᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠢ ᠣᠨᠣᠰᠢᠯᠠᠵᠤ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠲᠥᠰᠦᠯ ᠢ ᠬᠠᠩᠭᠠᠪᠠ᠂ ᠵᠢᠱᠢᠶᠡᠯᠡᠪᠡᠯ ᠵᠡᠭᠦᠦ ᠲᠥᠭᠡᠨᠡᠯᠭᠡ᠂ ᠢᠯᠢᠵᠦ ᠨᠤᠬᠤᠯᠠᠬᠤ᠂ ᠬᠢᠲᠠᠳ ᠡᠮ ᠤᠨ ᠲᠣᠬᠢᠷᠠᠭᠤᠯᠤᠯᠲᠠ ᠵᠡᠷᠭᠡ ᠪᠠᠶᠢᠵᠤ᠂ ᠰᠠᠭᠤᠭᠠᠯᠢ ᠠᠷᠠᠳ ᠲᠤ ᠤᠯᠠᠮᠵᠢᠯᠠᠯᠲᠤ ᠬᠢᠲᠠᠳ ᠡᠮᠨᠡᠯᠭᠡ ᠶᠢᠨ ᠷᠢᠳᠢ ᠰᠢᠳᠢ ᠶᠢ ᠣᠶᠢᠯᠠᠭᠠᠭᠤᠯᠪᠠ᠃
2222.jpg
   ᠲᠤᠰ ᠤᠳᠠᠭᠠᠨ ᠤ ᠠᠵᠢᠯᠯᠠᠭ᠎ᠠ ᠨᠢ ᠭᠡᠷ ᠬᠤᠷᠢᠶᠠᠯᠠᠯ ᠤᠨ ᠰᠠᠭᠤᠭᠠᠯᠢ ᠠᠷᠠᠳ ᠲᠤ ᠳᠥᠭᠦᠮ ᠳᠥᠲᠡ ᠡᠷᠡᠭᠦᠯ ᠮᠡᠨᠳᠦ ᠶᠢᠨ ᠲᠠᠪᠴᠠᠩ ᠪᠠᠶᠢᠭᠤᠯᠵᠤ᠂ ᠰᠠᠭᠤᠭᠠᠯᠢ ᠠᠷᠠᠳ ᠢ ᠭᠡᠷ ᠤᠨ ᠡᠭᠦᠳᠡᠨ  ᠲᠡᠭᠡᠷ᠎ᠡ  ᠪᠦᠬᠦ ᠲᠠᠯ᠎ᠠ ᠶᠢᠨ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠬᠠᠮᠲᠤ ᠭᠡᠷ ᠬᠤᠷᠢᠶᠠᠯᠠᠯ ᠠᠴᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠵᠠᠯᠭᠠᠭᠠᠳ᠂ ᠸᠠᠨ ᠺᠧ ᠭᠡᠷ ᠬᠤᠷᠢᠶᠠᠯᠠᠯ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠰᠬᠠᠢ ᠮᠡᠷᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠲᠠᠢ ᠭᠠᠷ ᠬᠤᠯᠪᠣᠯᠴᠠᠨ᠂ ᠰᠠᠭᠤᠭᠠᠯᠢ ᠠᠷᠠᠳ ᠤᠨ ᠡᠷᠡᠭᠦᠯ ᠴᠢᠭᠢᠷᠠᠭ ᠠᠮᠢᠳᠤᠷᠠᠯ ᠢ ᠬᠠᠮᠠᠭᠠᠯᠠᠵᠤ᠂ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ᠂ ᠵᠣᠯ ᠵᠢᠷᠭᠠᠯᠲᠤ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号