ᠵᠢᠥ ᠶᠤᠸᠠᠨ ᠲᠣᠭᠤᠷᠢᠭ ᠤᠨ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠨᠢ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/12/26
    ᠣᠶᠢᠷ᠎ᠠ ᠶᠢᠨ ᠵᠢᠯ ᠠᠴᠠ᠂ ᠵᠢᠥ ᠶᠤᠸᠠᠨ ᠲᠣᠭᠤᠷᠢᠭ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾᠂ ︽ᠡᠭᠦᠯᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠵᠡᠷᠭᠡ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠠᠴᠢᠯᠠᠭᠰᠠᠨ ᠲᠠᠪᠴᠠᠩ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠷᠭ᠎ᠠ ᠵᠠᠮ ᠢ ᠥᠷᠭᠡᠳᠬᠡᠭᠰᠡᠨ ᠪᠥᠭᠡᠳ ᠢᠯᠡᠳᠲᠡ ᠦᠷ᠎ᠡ ᠪᠦᠲᠦᠮᠵᠢ ᠤᠯᠪᠠ᠃    ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ︽ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠤᠮᠳᠠᠳᠤ ᠤᠯᠤᠰ︾ APP ᠵᠢᠴᠢ ︽ᠡᠭᠦᠯᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ APP ᠶᠢ ᠠᠰᠢᠭᠯᠠᠨ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ᠂ ᠡᠮᠦᠨ᠎ᠡ ᠵᠠᠬ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶ᠎ᠡ ᠶᠢ ᠬᠠᠮᠤᠷᠤᠭᠰᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠠᠭᠤᠯᠭ᠎ᠠ ᠶᠢ ᠳᠡᠯᠭᠡᠷᠡᠭᠦᠯᠵᠦ᠂ ᠵᠢᠷᠤᠭ ᠪᠢᠴᠢᠭ᠂ ᠸᠢᠳᠢᠣ᠋ ᠵᠡᠷᠭᠡ ᠣᠯᠠᠨ ᠡᠰᠢᠲᠦ ᠬᠡᠯᠪᠡᠷᠢ ᠪᠠᠷ ᠢᠯᠡᠷᠡᠭᠦᠯᠵᠦ᠂ ᠠᠳᠠᠯᠢ ᠪᠤᠰᠤ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠭᠦᠨ ᠤ ᠬᠠᠮᠲᠤ᠂ ᠨᠡᠶᠢᠭᠡᠮ ᠤᠨ ᠬᠠᠷᠢᠯᠴᠠᠭᠠᠨ ᠤ ᠲᠠᠪᠴᠠᠩ ᠢ ᠠᠰᠢᠭᠯᠠᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠣᠯᠠᠨ ᠲᠦᠮᠡᠨ ᠲᠠᠢ ᠬᠠᠷᠢᠯᠴᠠᠨ ᠰᠡᠵᠢᠭ ᠲᠠᠢ ᠵᠦᠢᠯ ᠢ ᠬᠠᠷᠢᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠣᠨᠢᠷᠬᠠᠯᠲᠤ ᠴᠢᠨᠠᠷ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠨ᠎ᠡ᠃    ᠡᠭᠦᠨ ᠠᠴᠠ ᠭᠠᠳᠠᠨ᠎ᠠ᠂ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ  ᠭᠡᠷ ᠬᠤᠷᠢᠶᠠᠯᠠᠯ᠂ ᠰᠤᠷᠭᠠᠭᠤᠯᠢ ᠳᠤ ᠭᠦᠨᠵᠡᠭᠡᠶᠢᠷᠡᠭᠦᠯᠦᠨ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ᠂ ᠵᠠᠯᠠᠭᠤᠴᠤᠳ ᠪᠠᠭᠠᠴᠤᠳ ᠢ ᠬᠥᠲᠥᠯᠦᠨ ᠵᠢᠯᠣᠭᠤᠳᠴᠤ ᠪᠠᠶᠢᠭᠠᠳ ᠳᠡᠩᠰᠡᠯᠡᠵᠦ ᠬᠡᠷᠡᠭᠯᠡᠬᠦ ᠲᠠᠪᠴᠠᠩ ᠪᠣᠯᠭᠠᠵᠤ᠂ ᠣᠷᠣᠯᠴᠠᠭᠰᠠᠨ ᠬᠥᠮᠦᠨ ᠤ ᠲᠤᠭ᠎ᠠ ᠨᠡᠶᠢᠲᠡ 10000 ᠭᠠᠷᠤᠶ ᠬᠥᠮᠦᠨ ᠳᠤ ᠬᠦᠷᠴᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠬᠠᠮᠤᠷᠬᠤ ᠬᠡᠪᠴᠢᠶ᠎ᠡ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨ ᠬᠦ ᠳᠡᠭᠡᠭᠰᠢᠯᠡᠭᠦᠯᠪᠡ᠃    ᠢᠷᠡᠭᠡᠳᠦᠢ ᠳᠤ᠂ ᠵᠢᠥ ᠶᠤᠸᠠᠨ ᠲᠣᠭᠤᠷᠢᠭ ᠤᠨ ᠬᠢᠨ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠡᠬᠢ ᠪᠠᠶᠠᠯᠢᠭ ᠢ ᠨᠡᠶᠢᠳᠬᠡᠵᠦ᠂ ᠬᠡᠯᠪᠡᠷᠢ ᠶᠢᠨ ᠰᠢᠨ᠎ᠡ ᠶᠢ ᠡᠭᠦᠳᠴᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号