ᠡᠳᠦᠷ ᠲᠤᠲᠤᠮ ᠤᠨ ᠴᠠᠭᠳᠠᠨ ᠪᠠᠶᠢᠴᠠᠭᠠᠬᠤ ᠶᠢ ᠪᠠᠷᠢᠮᠲᠠᠯᠠᠨ᠂ ᠠᠶᠤᠯᠭᠦᠢ ᠦᠢᠯᠡᠳᠪᠦᠷᠢᠯᠡᠯ ᠢ ᠰᠡᠳᠬᠢᠯ ᠳᠡᠭᠡᠨ ᠪᠠᠲᠤ ᠴᠡᠭᠡᠵᠢᠯᠡᠶ᠎ᠡ
ᠨᠡᠶᠢᠲᠡᠯᠡᠭᠰᠡᠨ ᠴᠠᠭ᠄
2024/12/27
    ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ 220 kv ᠢᠵᠢ ᠪᠦᠷᠢᠳᠦᠭᠦᠯᠦᠨ ᠴᠠᠬᠢᠯᠭᠠᠨ ᠬᠠᠩᠭᠠᠬᠤ ᠢᠨᠵᠧᠨᠧᠷᠢᠩ ᠪᠣᠯ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠤᠭᠤᠲᠤ ᠶᠢᠨ ᠬᠡᠰᠡᠭ ᠤᠨ ᠴᠢᠬᠤᠯᠠ ᠲᠤᠯᠭᠠᠭᠤᠷᠢᠯᠠᠬᠤ ᠬᠡᠰᠡᠭ ᠪᠠᠶᠢᠵᠤ᠂ ᠲᠦᠷᠭᠡᠨ ᠤ ᠲᠡᠮᠦᠷ ᠵᠠᠮ ᠤᠨ ᠬᠡᠪ ᠤᠨ ᠠᠵᠢᠯᠯᠠᠭᠠᠨ ᠪᠠ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃    ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ 220 kv ᠢᠵᠢ ᠪᠦᠷᠢᠳᠦᠭᠦᠯᠬᠦ ᠴᠠᠬᠢᠯᠭᠠᠨ ᠬᠠᠩᠭᠠᠬᠤ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ᠬᠠᠮᠢᠶ᠎ᠠ ᠪᠦᠬᠦᠢ ᠠᠵᠢᠯᠲᠠᠨ ᠢ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠯᠭᠡᠪᠡ᠃ ᠲᠤᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠨᠢ ᠡᠯ᠎ᠡ ᠲᠥᠷᠥᠯ ᠤᠨ ᠠᠮᠤᠷ ᠲᠦᠪᠰᠢᠨ ᠤ ᠠᠳᠠᠯ ᠭᠠᠷᠬᠤ ᠶᠢ ᠰᠡᠷᠭᠡᠶᠢᠯᠡᠵᠦ᠂ ᠢᠨᠵᠧᠨᠧᠷᠢᠩ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃    ᠪᠠᠶᠢᠴᠠᠭᠠᠬᠤ ᠳᠤᠭᠤᠶᠢᠯᠠᠩ  ᠨᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ  ᠠᠴᠠ ᠪᠦᠯᠬᠦᠮ ᠳᠠᠭᠠᠭᠤᠯᠤᠨ᠂ ᠢᠨᠵᠧᠨᠧᠷᠢᠩ ᠤᠨ ᠲᠤᠬᠠᠢ ᠶᠢᠨ ᠲᠠᠯᠠᠪᠠᠢ᠂ ᠲᠥᠷᠥᠯ ᠵᠦᠢᠯ ᠤᠨ ᠬᠡᠯᠲᠡᠰ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠠᠮᠤᠷ ᠲᠦᠪᠰᠢᠨ ᠤ ᠳᠦᠷᠢᠮ᠂ ᠭᠠᠳᠠᠭᠰᠢ ᠳᠠᠭᠠᠭᠠᠴᠢᠯᠠᠭᠤᠯᠬᠤ ᠵᠥᠪᠯᠡᠯᠴᠡᠬᠡᠷ᠂ ᠠᠵᠢᠯᠲᠠᠨ ᠤ ᠬᠢᠷᠢ ᠭᠡᠮ ᠵᠡᠷᠭᠡ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠤᠷ ᠤᠨ ᠲᠤᠬᠠᠢ ᠶᠢᠨ ᠭᠠᠵᠠᠷ ᠤᠨ ᠪᠠᠶᠢᠴᠠᠭᠠᠯᠲᠠ ᠲᠠᠢ ᠤᠶᠠᠯᠳᠤᠭᠤᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ ᠦᠨᠡᠯᠡᠯᠲᠡ ᠬᠢᠵᠡᠢ᠃    ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠭᠰᠡᠨ ᠪᠥᠭᠡᠳ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃ ᠪᠠᠷᠢᠯᠭ᠎ᠠ ᠪᠠᠷᠢᠬᠤ ᠨᠢᠭᠡᠴᠡ ᠶᠢ ᠬᠤᠭᠤᠴᠠᠭ᠎ᠠ  ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠡᠭᠦᠨ ᠤ ᠬᠠᠮᠲᠤ ᠂ ᠪᠠᠶᠢᠴᠠᠭᠠᠬᠤ ᠳᠤᠭᠤᠶᠢᠯᠠᠩ ᠪᠠᠰᠠ ᠠᠵᠤ ᠠᠬᠤᠶᠢᠯᠠᠯ ᠳᠤ ︽ᠪᠤᠭᠤᠲᠤ ᠬᠤᠲᠠ ᠶᠢᠨ ᠣᠨᠴᠠᠭᠠᠢ ᠠᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ︾ ᠪᠠ ︽ᠭᠠᠳᠠᠭᠰᠢ ᠳᠠᠭᠠᠭᠠᠴᠢᠯᠠᠭᠤᠯᠬᠤ ᠲᠥᠷᠥᠯ ᠵᠦᠢᠯ ᠪᠠ ᠬᠡᠪ ᠤᠨ ᠪᠤᠰᠤ ᠦᠢᠯᠡᠳᠪᠦᠷᠢᠯᠡᠯ ᠤᠨ ᠠᠵᠢᠯᠯᠠᠭᠠᠨ ᠤ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠦᠬᠦ ᠠᠵᠤ ᠠᠬᠤᠶᠢᠯᠠᠯ ᠤᠨ ᠠᠵᠢᠯᠲᠠᠨ ᠢ ᠪᠣᠯᠪᠠᠰᠤᠷᠠᠭᠤᠯᠤᠨ ᠰᠤᠷᠤᠯᠴᠠᠭᠤᠯᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠠᠩᠭᠢ ᠳᠤᠭᠤᠶᠢᠯᠠᠩ ᠪᠠ ᠨᠢᠭᠡᠳᠦᠭᠡᠷ ᠹᠷᠣᠨᠲ ᠤᠨ ᠠᠵᠢᠯᠲᠠᠨ ᠳᠤ ᠤᠯᠠᠮᠵᠢᠯᠠᠬᠤ ᠬᠡᠷᠡᠭᠲᠡᠢ ᠭᠡᠵᠦ ᠱᠠᠭᠠᠷᠳᠠᠪᠠ᠃    ᠡᠭᠦᠨ ᠠᠴᠠ ᠭᠠᠳᠠᠨ᠎ᠠ᠂ ᠪᠠᠶᠢᠴᠠᠭᠠᠬᠤ ᠳᠤᠭᠤᠶᠢᠯᠠᠩ ᠪᠠᠰᠠ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠴᠢᠬᠤᠯᠠᠴᠢᠯᠠᠵᠤ᠂ ᠢᠯᠡ ᠭᠠᠯ ᠬᠡᠷᠡᠭᠯᠡᠬᠦ ᠶᠢ ᠴᠠᠭᠠᠵᠠᠯᠠᠵᠤ᠂ ᠪᠠᠷᠢᠯᠭ᠎ᠠ ᠶᠢᠨ ᠨᠢᠭᠡᠴᠡ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠤᠳᠤᠷᠢᠳᠤᠯᠭ᠎ᠠ ᠶᠢᠨ ᠠᠵᠢᠯ ᠤᠨ ᠪᠠᠶᠢᠷᠢ ᠳᠤ ᠵᠢᠵᠢᠭᠦᠷᠯᠡᠬᠦ ᠪᠠ 24 ᠴᠠᠭ ᠢᠶᠠᠷ ᠲᠤᠰᠬᠠᠢ ᠬᠥᠮᠦᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠨ ᠰᠠᠬᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠠᠬᠢᠯᠭᠠᠨ ᠬᠦᠴᠦᠨ ᠤ ᠪᠠᠷᠢᠯᠭ᠎ᠠ ᠪᠠᠷᠢᠬᠤ ᠨᠢᠭᠡᠴᠡ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠷᠢᠯᠭ᠎ᠠ ᠪᠠᠷᠢᠬᠤ ᠨᠢᠭᠡᠴᠡ ᠶᠢ ᠰᠢᠮᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠨ᠎ᠠ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号