ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠷᠭᠢᠯᠡᠭᠰᠡᠨ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠴᠡᠷᠢᠭ ᠪᠣᠯᠪᠠᠰᠤᠷᠠᠭᠤᠯᠬᠤ ᠠᠵᠢᠯᠯᠠᠭ᠎ᠠ ᠶᠢᠨ ᠣᠨ ᠤ | ᠤᠷᠤᠯᠳᠤᠭᠠᠨ ᠳᠤ ᠪᠤᠭᠤᠲᠤ ᠬᠤᠲᠠ ᠶᠡᠷᠦᠩᠬᠡᠶ ᠰᠠᠯᠠᠭᠠᠨ ᠤ ᠡᠮᠴᠢᠯᠡᠭᠡᠨ ᠤ ᠳᠤᠭᠤᠶᠢᠯᠠᠩ ᠤᠨ ᠨᠢᠭᠡᠳᠦᠭᠡᠷ ᠳᠡᠰ ᠤᠨ | ᠱᠠᠩᠨᠠᠯ᠂ ᠬᠠᠮᠢᠶᠠᠷᠤᠯᠲᠠ ᠶᠢᠨ ᠠᠵᠢᠯᠲᠠᠨ ᠤ ᠳᠤᠭᠤᠶᠢᠯᠠᠩ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ᠂ | ᠰᠤᠪᠢᠯᠠᠭᠴᠢ ᠶᠢᠨ ᠳᠤᠭᠤᠶᠢᠯᠠᠩ ᠤᠨ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠳᠤᠭᠤᠶᠢᠯᠠᠩ ᠤᠨ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ ᠮᠠᠨ ᠤ | ᠲᠤᠭᠤᠷᠢᠭ ᠤᠨ ᠰᠣᠩᠭᠤᠨ ᠲᠣᠮᠢᠯᠠᠭᠰᠠᠨ ᠲᠠᠯᠠᠨ ᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ | ᠳᠠᠷᠤᠭ᠎ᠠ ᠵᠤᠤ ᠰᠦ᠋ ᠫᠢᠩ᠂ ᠬᠤᠷᠢᠨᠭᠡᠷ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠯᠢᠦ ᠶᠠᠨ ᠹᠧᠩ᠂ ᠬᠤᠶᠠᠷᠬᠤᠳᠳᠤᠭ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶᠠᠨ ᠤ ᠨᠡᠶᠢᠲᠡ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠶᠡᠷᠦᠩᠬᠡᠶ ᠰᠠᠯᠠᠭᠠᠨ ᠤ ᠡᠮᠴᠢ ᠡᠦ | ᠶᠤᠸᠠᠢ ᠧ ᠡᠴᠦᠰ ᠤᠨ ᠪᠦᠯᠬᠦᠮ ᠤᠨ ᠰᠢᠯᠢᠳᠡᠭ ᠬᠢᠷᠢ ᠪᠦᠲᠦᠮᠵᠢ ᠤᠯᠬᠤ ᠳᠤ ᠬᠤᠪᠢ ᠨᠡᠮᠡᠷᠢ ᠦᠵᠡᠭᠦᠯᠪᠡ᠂ | ᠡᠭᠦᠨ ᠳᠤ ᠵᠢᠥ ᠶᠤᠸᠠᠨ ᠲᠣᠭᠤᠷᠢᠭ ᠤᠨ ᠬᠤᠷᠢᠨᠭᠡᠷ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ | ᠨᠡᠶᠢᠲᠡ ᠶᠢᠨ ᠡᠷᠡᠭᠦᠯ ᠬᠠᠮᠠᠭᠠᠯᠠᠯ ᠤᠨ ᠳᠤᠭᠤᠶᠢᠯᠠᠩ ᠤᠨ ᠬᠤᠪᠢ ᠬᠥᠮᠦᠨ ᠤ ᠬᠤᠶᠠᠳᠤᠭᠠᠷ ᠳᠡᠰ ᠤᠨ ᠱᠠᠩᠨᠠᠯ | ᠣᠯᠤᠭᠰᠠᠨ ᠰᠠᠶᠢᠨ ᠬᠢᠷᠢ ᠪᠦᠲᠦᠮᠵᠢ ᠣᠯᠪᠠ︕ | | | | ᠬᠤᠶᠢᠰᠢᠳᠠ ᠶᠢᠨ ᠠᠵᠢᠯ ᠤᠨ ᠳᠤᠮᠳᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ | ᠠᠵᠢᠯ ᠤᠨ ᠣᠨᠣᠯ ᠤᠨ ᠮᠡᠳᠡᠯᠭᠡ ᠪᠠ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢ ᠦᠷᠭᠦᠯᠵᠢᠯᠡᠨ | ᠴᠢᠩᠭᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠥᠷᠭᠡᠨ ᠣᠯᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠬᠤ᠂ ᠠᠵᠢᠯ ᠤᠨ | ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠰᠢᠷᠭᠠᠭᠤ ᠬᠠᠲᠠᠭᠤᠵᠢᠯᠲᠠᠶ ᠰᠤᠳᠤᠯᠬᠤ ᠠᠵᠢᠯ ᠤᠨ | ᠢᠳᠡᠪᠬᠢᠵᠢᠯ ᠢ ᠵᠣᠷᠢᠭᠵᠢᠭᠤᠯᠵᠤ᠂ ᠣᠯᠠᠨ ᠲᠦᠮᠡᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠤᠬᠠᠶ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | | | | | | | | | | | |