ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ | ︽ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠲᠥᠪ ᠬᠤᠷᠢᠶ᠎ᠠ ᠬᠢᠭᠡᠳ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2023﹈ 48 ᠳ᠋ᠤᠭᠠᠷ | ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ | ᠲᠤᠬᠠᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠪᠠ ᠵᠦᠢ ᠵᠣᠬᠢᠰᠲᠠᠢ | ᠬᠤᠪᠢᠶᠠᠷᠢᠯᠠᠬᠤ ᠶᠢᠨ ᠲᠤᠰᠠᠳᠠ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ | ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠬᠠᠷᠢᠴᠠᠭ᠎ᠠ ᠶᠢ ᠠᠬᠢᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ | ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ | ᠬᠠᠷᠢᠯᠴᠠᠨ ᠵᠣᠬᠢᠴᠠᠯᠳᠤᠭᠰᠠᠨ ᠲᠣᠭᠲᠠᠭᠤᠨ ᠳᠦᠷᠢᠮ ᠢ ᠪᠠᠶᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ | ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠭᠤᠣᠯ ᠠᠭᠤᠯᠭ᠎ᠠ | ︵ᠨᠢᠭᠡ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠤᠷᠸ᠎ᠠ ᠬᠠᠮᠢᠶᠠᠷᠤᠯᠲᠠ | ᠪᠥᠬᠦ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ᠂ | ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ᠂ ᠮᠡᠳᠡᠯᠭᠡ ᠶᠢᠨ ᠦᠮᠴᠢᠯᠡᠯ ᠤᠨ | ᠡᠷᠬᠡ ᠶᠢᠨ ᠬᠦᠷᠢᠶᠡᠨ ᠳᠠᠬᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠰᠤᠳᠤᠯᠤᠨ ᠲᠣᠭᠲᠠᠭᠠᠬᠤ᠂ ᠪᠥᠬᠦ ᠣᠷᠣᠨ ᠤ ᠴᠢᠨᠠᠷᠲᠠᠢ | ᠮᠡᠳᠡᠯᠭᠡ ᠶᠢᠨ ᠦᠮᠴᠢᠯᠡᠯ ᠤᠨ ᠡᠷᠬᠡ ᠶᠢ ᠪᠦᠷᠢᠳᠬᠡᠨ ᠪᠠᠶᠢᠴᠠᠭᠠᠵᠤ ᠵᠠᠳᠠᠯᠤᠨ ᠨᠡᠶᠢᠲᠡᠯᠡᠬᠦ ᠠᠵᠢᠯ ᠥᠷᠨᠢᠭᠦᠯᠬᠦ | ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ | ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ᠂ | ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ᠂ ᠠᠶᠢᠮᠠᠭ ᠬᠤᠲᠠ ᠶᠢᠨ ᠮᠡᠳᠡᠯᠭᠡ ᠶᠢᠨ | ᠦᠮᠴᠢᠯᠡᠯ ᠤᠨ ᠡᠷᠬᠡ ᠶᠢ ᠪᠦᠷᠢᠳᠬᠡᠨ ᠪᠠᠶᠢᠴᠠᠭᠠᠵᠤ ᠵᠠᠳᠠᠯᠤᠨ ᠨᠡᠶᠢᠲᠡᠯᠡᠬᠦ ᠠᠵᠢᠯ ᠥᠷᠨᠢᠭᠦᠯᠬᠦ ᠶᠢ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠷᠬᠡ ᠣᠯᠭᠤᠯᠲᠠ ᠡᠷᠬᠡ ᠲᠣᠭᠲᠠᠭᠠᠯᠲᠠ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠣᠬᠢᠶᠠᠯ ᠪᠦᠲᠦᠭᠡᠯ ᠤᠨ ᠡᠷᠬᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠦᠢᠴᠡᠳᠬᠡᠭᠰᠡᠨ ᠤᠯᠤᠰ ᠤᠨ ᠳᠣᠲᠣᠭᠠᠳᠤ ᠶᠢᠨ ᠵᠣᠬᠢᠶᠠᠭᠴᠢ ᠪᠤᠶᠤ | ᠪᠤᠰᠤᠳ ᠵᠣᠬᠢᠶᠠᠯ ᠪᠦᠲᠦᠭᠡᠯ ᠤᠨ ᠡᠷᠬᠡᠲᠦ ᠬᠥᠮᠥᠨ ᠤ ᠪᠦᠲᠦᠭᠡᠯ ᠢ ᠨᠢ ᠳᠠᠩᠰᠠᠯᠠᠨ ᠲᠡᠮᠳᠡᠭᠯᠡᠬᠦ ᠶᠢ ᠥᠪᠡᠷᠲᠡᠭᠡᠨ | ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠡᠷᠡᠭᠯᠡᠯᠲᠡ ᠠᠬᠢᠯᠲᠠ | ᠪᠥᠬᠦ ᠣᠷᠣᠨ ᠤ ᠴᠢᠨᠠᠷᠲᠠᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠯᠵᠢᠭᠦᠯᠦᠨ ᠤᠯᠠᠷᠢᠭᠤᠯᠬᠤ ᠶᠢ | ᠠᠬᠢᠭᠤᠯᠬᠤ ᠪᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠡᠵᠡᠩᠨᠡᠯᠲᠡ ᠳᠤ ᠬᠢᠨᠠᠯᠲᠠ ᠲᠠᠯᠪᠢᠵᠤ | ᠬᠠᠮᠢᠶᠠᠷᠬᠤ᠂ ᠪᠥᠬᠦ ᠣᠷᠣᠨ ᠤ ᠴᠢᠨᠠᠷᠲᠠᠢ ᠴᠢᠬᠤᠯᠠ ᠶᠡᠭᠡ ᠠᠵᠤ ᠠᠬᠤᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢ ᠵᠥᠪᠯᠡᠨ ᠲᠣᠭᠲᠠᠭᠠᠬᠤ᠂ ᠭᠠᠳᠠᠭᠠᠳᠤ | ᠤᠯᠤᠰ ᠤᠨ ᠨᠣᠮ ᠪᠢᠴᠢᠭ ᠬᠡᠪᠯᠡᠬᠦ ᠭᠡᠷ᠎ᠡ ᠶᠢ ᠳᠠᠩᠰᠠᠯᠠᠨ ᠲᠡᠮᠳᠡᠭᠯᠡᠬᠦ᠂ ᠬᠢᠯᠢ ᠶᠢᠨ ᠭᠠᠳᠠᠨᠠᠬᠢ ᠡᠯᠧᠺᠳ᠋ᠷᠣᠨ | ᠬᠡᠪᠯᠡᠭᠳᠡᠬᠦᠨ ᠪᠠ ᠺᠣᠮᠫᠢᠦ᠋ᠲ᠋ᠧᠷ ᠤᠨ ᠵᠥᠭᠡᠯᠡᠨ ᠲᠣᠨᠤᠭ ᠢ ᠬᠡᠪᠯᠡᠭᠦᠯᠬᠦ ᠪᠠ ᠬᠠᠭᠤᠯᠪᠤᠷᠢᠯᠠᠬᠤ ᠭᠡᠷ᠎ᠡ ᠶᠢ ᠳᠡᠩᠰᠡᠯᠡᠨ | ᠲᠡᠮᠳᠡᠭᠯᠡᠬᠦ᠂ ᠬᠢᠯᠢ ᠶᠢᠨ ᠭᠠᠳᠠᠨᠠᠬᠢ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ ᠬᠠᠭᠤᠯᠪᠤᠷᠢᠯᠠᠨ ᠠᠪᠬᠤ | ᠨᠠᠶᠢᠳᠠᠯᠭ᠎ᠠ ᠶᠢᠨ ᠭᠡᠷ᠎ᠡ ᠶᠢ ᠳᠡᠩᠰᠡᠯᠡᠨ ᠲᠡᠮᠳᠡᠭᠯᠡᠬᠦ᠂ ᠤᠯᠤᠰ ᠤᠨ ᠭᠠᠳᠠᠭᠠᠳᠤ ᠠᠴᠠ ᠤᠷᠭᠤᠮᠠᠯ ᠤᠨ ᠰᠢᠨ᠎ᠡ | ᠡᠭᠦᠯᠳᠡᠷ ᠤᠨ ᠡᠷᠬᠡ ᠶᠢ ᠭᠤᠶᠤᠴᠢᠯᠠᠬᠤ ᠶᠢ ᠳᠡᠩᠰᠡᠯᠡᠨ ᠲᠡᠮᠳᠡᠭᠯᠡᠬᠦ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠲᠤᠰᠬᠠᠢ ᠠᠰᠢᠭ ᠤᠨ ᠵᠠᠮᠴᠢᠯᠠᠯ ᠢ ᠥᠷᠨᠢᠭᠦᠯᠬᠦ᠂ ᠪᠥᠬᠦ ᠣᠷᠣᠨ ᠤ | ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠦᠢᠯᠡᠰ ᠢ ᠬᠢᠨᠠᠨ ᠬᠠᠮᠢᠶᠠᠷᠬᠤ᠂ ᠲᠤᠰᠬᠠᠢ ᠠᠰᠢᠭ ᠤᠨ | ᠣᠷᠣᠯᠠᠨ ᠭᠦᠢᠴᠡᠳᠭᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠠᠵᠢᠯ ᠢ ᠳᠠᠭᠠᠭᠠᠨ ᠭᠦᠢᠴᠡᠳᠬᠡᠬᠦ᠂ ᠥᠪᠡᠷᠲᠡᠭᠡᠨ | ᠵᠠᠰᠠᠬᠤ ᠣᠷᠣᠨ ᠤ ᠱᠠᠲᠤᠨ ᠤ ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠭᠦᠢᠴᠡᠳᠬᠡᠭᠰᠡᠨ ᠵᠣᠬᠢᠶᠠᠯ ᠪᠦᠲᠦᠭᠡᠯ ᠤᠨ ᠡᠷᠬᠡ ᠶᠢᠨ ᠵᠥᠪᠰᠢᠶᠡᠷᠡᠬᠦ ᠪᠠ ᠰᠢᠯᠵᠢᠭᠦᠯᠦᠨ ᠳᠠᠩᠰᠠᠯᠠᠭᠤᠯᠬᠤ ᠵᠡᠷᠭᠡ ᠶᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠯᠵᠢᠭᠦᠯᠦᠨ ᠤᠯᠠᠷᠢᠭᠤᠯᠬᠤ ᠶᠢ | ᠠᠬᠢᠭᠤᠯᠬᠤ ᠪᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠡᠵᠡᠩᠨᠡᠯᠲᠡ ᠳᠤ ᠬᠢᠨᠠᠯᠲᠠ ᠲᠠᠯᠪᠢᠵᠤ | ᠬᠠᠮᠢᠶᠠᠷᠬᠤ᠂ ᠠᠶᠢᠮᠠᠭ ᠬᠤᠲᠠ ᠶᠢᠨ ᠴᠢᠬᠤᠯᠠ ᠶᠡᠭᠡ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠯᠠᠭ᠎ᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢ ᠵᠥᠪᠯᠡᠨ ᠲᠣᠭᠲᠠᠭᠠᠬᠤ᠂ ᠭᠠᠳᠠᠭᠠᠳᠤ ᠤᠯᠤᠰ ᠤᠨ ᠨᠣᠮ | ᠪᠢᠴᠢᠭ ᠬᠡᠪᠯᠡᠬᠦ ᠭᠡᠷ᠎ᠡ ᠶᠢ ᠳᠠᠩᠰᠠᠯᠠᠬᠤ᠂ ᠲᠣᠰ ᠭᠠᠵᠠᠷ ᠣᠷᠣᠨ ᠤ ᠪᠠᠨ ᠠᠵᠤ ᠦᠢᠯᠡᠰ ᠤᠨ ᠬᠥᠭᠵᠢᠯᠲᠡ ᠲᠠᠢ | ᠤᠶᠠᠯᠳᠤᠭᠤᠯᠤᠨ ᠲᠤᠰᠬᠠᠢ ᠠᠰᠢᠭ ᠤᠨ ᠵᠠᠮᠴᠢᠯᠠᠯ ᠢ ᠥᠷᠨᠢᠭᠦᠯᠬᠦ᠂ ᠠᠶᠢᠮᠠᠭ ᠬᠤᠲᠠ ᠶᠢᠨ ᠮᠡᠳᠡᠯᠭᠡ ᠶᠢᠨ | ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠦᠢᠯᠡᠰ ᠢ ᠬᠢᠨᠠᠨ ᠬᠠᠮᠢᠶᠠᠷᠬᠤ᠂ ᠠᠶᠢᠮᠠᠭ ᠬᠤᠲᠠ ᠶᠢᠨ ᠵᠣᠬᠢᠶᠠᠯ | ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠦᠢᠴᠡᠳᠬᠡᠭᠰᠡᠨ ᠵᠣᠬᠢᠶᠠᠯ ᠪᠦᠲᠦᠭᠡᠯ ᠤᠨ | ᠡᠷᠬᠡ ᠶᠢ ᠵᠥᠪᠰᠢᠶᠡᠷᠡᠬᠦ ᠪᠠ ᠰᠢᠯᠵᠢᠭᠦᠯᠦᠨ ᠳᠠᠩᠰᠠᠯᠠᠭᠤᠯᠬᠤ ᠵᠡᠷᠭᠡ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ︵ᠳᠥᠷᠪᠡ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ | ᠪᠥᠬᠦ ᠣᠷᠣᠨ ᠤ ᠴᠢᠨᠠᠷᠲᠠᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ | ᠲᠣᠭᠲᠠᠯᠴᠠᠭ᠎ᠠ ᠶᠢ ᠪᠠᠶᠢᠭᠤᠯᠬᠤ᠂ ᠪᠥᠬᠦ ᠣᠷᠣᠨ ᠤ ᠴᠢᠨᠠᠷᠲᠠᠢ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ | ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠠᠷᠭᠠᠴᠠᠭᠠᠬᠤ ᠲᠣᠭᠲᠠᠴᠠ ᠶᠢ ᠪᠠᠶᠢᠭᠤᠯᠬᠤ᠂ ᠪᠥᠬᠦ ᠣᠷᠣᠨ ᠤ | ᠴᠢᠨᠠᠷᠲᠠᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠪᠠᠶᠢᠳᠠᠯ ᠢ ᠦᠨᠡᠯᠡᠬᠦ ᠪᠠ ᠠᠮᠵᠢᠯᠲᠠ | ᠪᠦᠲᠦᠮᠵᠢ ᠳᠤ ᠬᠢᠨᠠᠯᠲᠠ ᠲᠠᠯᠪᠢᠵᠤ ᠰᠢᠯᠭᠠᠨ ᠬᠢᠨᠠᠬᠤ᠂ ᠪᠥᠬᠦ ᠣᠷᠣᠨ ᠳᠤ ᠴᠢᠬᠤᠯᠠ ᠶᠡᠭᠡ ᠨᠥᠯᠥᠭᠡ ᠲᠠᠢ ᠪᠤᠶᠤ | ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠬᠤᠯᠠ ᠶᠡᠭᠡ ᠬᠡᠷᠡᠭ ᠢ ᠵᠣᠬᠢᠶᠠᠨ | ᠪᠠᠶᠢᠭᠤᠯᠤᠨ ᠪᠠᠶᠢᠴᠠᠭᠠᠨ ᠭᠦᠢᠴᠡᠳᠬᠡᠬᠦ ᠪᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ᠂ ᠪᠥᠬᠦ | ᠣᠷᠣᠨ ᠤ ᠴᠢᠨᠠᠷᠲᠠᠢ ᠮᠡᠳᠡᠯᠭᠡ ᠶᠢᠨ ᠦᠮᠴᠢᠯᠡᠯ ᠤᠨ ᠡᠷᠬᠡ ᠶᠢ ᠲᠦᠷᠭᠡᠨ ᠬᠠᠮᠵᠢᠯᠴᠠᠨ ᠬᠠᠮᠠᠭᠠᠯᠠᠬᠤ᠂ ᠡᠷᠬᠡ | ᠠᠰᠢᠭ ᠢᠶᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ᠂ ᠪᠥᠬᠦ ᠣᠷᠣᠨ ᠳᠤ ᠴᠢᠬᠤᠯᠠ ᠶᠡᠭᠡ ᠨᠥᠯᠥᠭᠡ ᠲᠠᠢ | ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠳᠤ ᠵᠠᠰᠠᠭ ᠵᠠᠬᠢᠷᠭᠠᠨ ᠤ | ᠲᠠᠰᠤᠯᠤᠯᠲᠠ ᠬᠢᠬᠦ ᠪᠠ ᠵᠠᠰᠠᠭ ᠵᠠᠬᠢᠷᠭᠠᠨ ᠤ ᠡᠶᠡᠳᠡᠭᠦᠯᠭᠡ ᠬᠢᠬᠦ᠂ ᠮᠡᠷᠭᠡᠵᠢᠯ ᠤᠨ ᠭᠠᠳᠠᠭᠠᠳᠤ ᠭᠠᠷᠭᠠᠯᠲᠠ ᠳᠤ | ᠬᠤᠯᠪᠣᠭᠳᠠᠬᠤ ᠲᠤᠰᠬᠠᠢ ᠠᠰᠢᠭ ᠤᠨ ᠡᠷᠬᠡ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢᠨ ᠵᠢᠷᠤᠭ | ᠲᠥᠯᠥᠪᠯᠡᠭᠡ ᠶᠢᠨ ᠲᠤᠰᠬᠠᠢ ᠡᠷᠬᠡ᠂ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ | ᠡᠷᠬᠡ ᠨᠦᠭᠦᠳ ᠢ ᠭᠠᠳᠠᠭᠠᠳᠤ ᠳᠤ ᠰᠢᠯᠵᠢᠭᠦᠯᠦᠨ ᠥᠭᠬᠦ ᠶᠢ ᠬᠢᠨᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠵᠥᠭᠡᠯᠡᠨ ᠲᠣᠨᠤᠭ ᠢ ᠵᠢᠩᠬᠢᠨᠢ ᠬᠡᠪᠯᠡᠯ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠵᠡᠷᠭᠡ ᠶᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢ | ᠪᠠᠶᠢᠭᠤᠯᠬᠤ᠂ ᠠᠶᠢᠮᠠᠭ ᠬᠤᠲᠠ ᠶᠢᠨ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠦᠮᠴᠢᠯᠡᠯ ᠤᠨ ᠡᠷᠬᠡ ᠶᠢᠨ | ᠵᠠᠭᠤᠷᠠᠯᠳᠤᠭᠠᠨ ᠢ ᠠᠷᠭᠠᠴᠠᠭᠠᠬᠤ ᠲᠣᠭᠲᠠᠴᠠ ᠶᠢ ᠪᠠᠶᠢᠭᠤᠯᠬᠤ᠂ ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ | ᠡᠷᠬᠡ ᠶᠢᠨ ᠬᠠᠮᠠᠭᠠᠯᠠᠯᠲᠠ ᠶᠢᠨ ᠪᠠᠶᠢᠳᠠᠯ ᠢ ᠦᠨᠡᠯᠡᠬᠦ ᠪᠠ ᠠᠮᠵᠢᠯᠲᠠ ᠪᠦᠲᠦᠮᠵᠢ ᠳᠤ ᠬᠢᠨᠠᠯᠲᠠ ᠲᠠᠯᠪᠢᠵᠤ ᠰᠢᠯᠭᠠᠨ | ᠬᠢᠨᠠᠬᠤ᠂ ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠬᠦ᠂ ᠲᠦᠷᠭᠡᠨ | ᠬᠠᠮᠵᠢᠯᠴᠠᠨ ᠬᠠᠮᠠᠭᠠᠯᠠᠬᠤ᠂ ᠡᠷᠬᠡ ᠠᠰᠢᠭ ᠢᠶᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠦᠯᠦ ᠵᠢᠭᠰᠠᠭᠠᠨ | ᠣᠷᠣᠭᠤᠯᠤᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠳᠤ ᠵᠠᠰᠠᠭ | ᠵᠠᠬᠢᠷᠭᠠᠨ ᠤ ᠲᠠᠰᠤᠯᠤᠯᠲᠠ ᠬᠢᠬᠦ ᠪᠠ ᠵᠠᠰᠠᠭ ᠵᠠᠬᠢᠷᠭᠠᠨ ᠤ ᠡᠶᠡᠳᠡᠭᠦᠯᠭᠡ ᠬᠢᠬᠦ᠂ ᠠᠶᠢᠮᠠᠭ ᠬᠤᠲᠠ ᠶᠢᠨ ᠵᠥᠭᠡᠯᠡᠨ | ᠲᠣᠨᠤᠭ ᠢ ᠵᠢᠩᠬᠢᠨᠢ ᠬᠡᠪᠯᠡᠯ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠵᠡᠷᠭᠡ ᠶᠢ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠲᠠᠪᠤ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡ | ᠪᠥᠬᠦ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠬᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠤᠯᠠᠮᠵᠢᠯᠠᠨ ᠠᠰᠢᠭᠯᠠᠬᠤ ᠪᠠ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ᠂ ᠪᠥᠬᠦ | ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠰᠠᠭᠤᠷᠢ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠪᠥᠬᠦ ᠣᠷᠣᠨ ᠤ | ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠦᠭᠰᠢᠭᠦᠷᠢ ᠶᠢ ᠲᠥᠰᠥᠭᠡᠯᠡᠵᠦ ᠰᠡᠷᠡᠮᠵᠢᠯᠡᠭᠦᠯᠬᠦ ᠶᠢ ᠠᠬᠢᠭᠤᠯᠬᠤ ᠵᠡᠷᠭᠡ ᠶᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢ | ᠲᠣᠰ ᠭᠠᠵᠠᠷ ᠣᠷᠣᠨ ᠳᠤ ᠪᠠᠨ ᠤᠯᠠᠮᠵᠢᠯᠠᠨ ᠠᠰᠢᠭᠯᠠᠬᠤ ᠪᠠ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ᠂ | ᠠᠶᠢᠮᠠᠭ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ | ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠠᠶᠢᠮᠠᠭ | ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠦᠭᠰᠢᠭᠦᠷᠢ ᠶᠢ ᠲᠥᠰᠥᠭᠡᠯᠡᠵᠦ ᠰᠡᠷᠡᠮᠵᠢᠯᠡᠭᠦᠯᠬᠦ ᠶᠢ | ᠠᠬᠢᠭᠤᠯᠬᠤ ᠵᠡᠷᠭᠡ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ | ᠲᠣᠭᠲᠠᠭᠠᠵᠤ᠂ ᠠᠶᠢᠮᠠᠭ ᠬᠤᠲᠠ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠵᠢᠷᠭᠤᠭ᠎ᠠ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠭᠠᠳᠠᠭᠠᠳᠤ ᠳᠤ ᠬᠤᠯᠪᠣᠭᠳᠠᠬᠤ ᠠᠵᠢᠯ | ᠥᠪᠡᠷᠲᠡᠭᠡᠨ ᠵᠠᠰᠠᠬᠤ ᠣᠷᠣᠨ ᠬᠢᠭᠡᠳ ᠭᠠᠳᠠᠭᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ | ᠣᠷᠳᠣᠨ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠯᠤᠭ᠎ᠠ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠣᠯᠤᠭ᠎ᠠ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠪᠤᠰᠤᠳ ᠵᠦᠢᠯᠡᠰ | ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ | ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠬᠥᠮᠦᠵᠢᠯ ᠪᠠ ᠬᠠᠤᠯᠢ ᠲᠦᠭᠡᠮᠡᠯᠵᠢᠭᠦᠯᠦᠯᠲᠡ᠂ ᠳᠡᠭᠡᠳᠦ | ᠵᠡᠷᠭᠡ ᠶᠢᠨ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠢᠴᠢᠶᠡᠯ ᠰᠢᠨᠵᠢᠯᠡᠭᠡᠨ᠂ ᠳᠡᠭᠡᠳᠦ | ᠰᠤᠷᠭᠠᠭᠤᠯᠢ᠂ ᠡᠷᠳᠡᠮ ᠤᠨ ᠴᠣᠯᠠ ᠶᠢᠨ ᠪᠠᠶᠢᠭᠤᠯᠤᠯᠲᠠ ᠵᠡᠷᠭᠡ ᠵᠦᠢᠯᠡᠰ ᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ | ᠲᠣᠰ ᠪᠦᠷᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠳᠠᠯᠢ | ᠱᠠᠲᠤᠨ ᠤ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠥᠪᠡᠷᠲᠡᠭᠡᠨ ᠵᠠᠰᠠᠬᠤ | ᠣᠷᠣᠨ ᠤ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠬᠦ | ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ | ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ | ᠠᠶᠢᠮᠠᠭ ᠬᠤᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠬᠦ | ᠵᠦᠢᠯᠡᠰ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ | ᠠᠶᠢᠮᠠᠭ ᠬᠤᠲᠠ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠥᠪᠡᠷᠲᠡᠭᠡᠨ ᠵᠠᠰᠠᠬᠤ ᠣᠷᠣᠨ ᠬᠢᠭᠡᠳ ᠰᠢᠶᠠᠩᠭᠠᠩ ᠣᠣᠮᠧᠨ ᠲᠠᠶᠢᠸᠠᠨ ᠯᠤᠭ᠎ᠠ ᠮᠡᠳᠡᠯᠭᠡ ᠶᠢᠨ | ᠦᠮᠴᠢᠯᠡᠯ ᠤᠨ ᠡᠷᠬᠡ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠶᠢ ᠥᠪᠡᠷᠲᠡᠭᠡᠨ ᠵᠠᠰᠠᠬᠤ ᠣᠷᠣᠨ ᠤ | ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ | ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠪᠤᠰᠤᠳ ᠵᠢᠭᠰᠠᠭᠠᠭᠠᠳᠤᠢ ᠵᠦᠢᠯᠡᠰ ᠲᠤ᠂ | ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠲᠣᠭᠲᠠᠭᠠᠨ᠎ᠠ᠃ | ᠬᠤᠶᠠᠷ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠨ᠂ ᠨᠢᠭᠲᠠ ᠵᠣᠬᠢᠴᠠᠯᠳᠤᠨ ᠬᠠᠮᠵᠢᠯᠴᠠᠵᠤ᠂ ᠬᠢᠨᠠᠨ ᠬᠠᠮᠢᠶᠠᠷᠴᠤ ᠬᠢᠨᠠᠯᠲᠠ ᠲᠠᠯᠪᠢᠬᠤ ᠪᠠᠨ | ᠴᠢᠩᠭᠠᠷᠠᠭᠤᠯᠤᠨ᠂ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ︔ ᠥᠭᠡᠷᠡᠴᠢᠯᠡᠯᠲᠡ ᠳᠤ ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠲᠥᠰᠥᠪ ᠢ ᠵᠦᠢ ᠵᠣᠬᠢᠰᠲᠠᠢ ᠲᠣᠬᠢᠷᠠᠭᠤᠯᠵᠤ | ᠂ ᠪᠡᠯᠡ ᠮᠥᠩᠭᠦ ᠶᠢ ᠴᠠᠭ ᠲᠤᠬᠠᠢ ᠳᠤ ᠨᠢ ᠪᠠᠭᠤᠯᠭᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠤᠨ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠷᠤᠯᠭ᠎ᠠ ᠶᠢᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ | ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ | ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠬᠡᠷᠡᠭᠵᠢᠭᠦᠯᠬᠦ ᠲᠥᠰᠥᠯ ᠢᠶᠠᠷ ᠯᠠᠪᠯᠠᠯᠲᠠ ᠪᠣᠯᠭᠠᠵᠤ᠂ | ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠵᠡᠷᠭᠡ ᠪᠣᠳᠠᠲᠠᠢ ᠲᠠᠢ ᠪᠠᠨ | ᠤᠶᠠᠯᠳᠤᠭᠤᠯᠤᠨ᠂ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ | ᠵᠣᠬᠢᠰᠲᠠᠢ ᠬᠤᠪᠢᠶᠠᠷᠢᠯᠠᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠡᠭᠦᠷᠭᠡᠯᠡᠬᠦ ᠳᠤ ᠲᠣᠬᠢᠷᠠᠬᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠵᠠᠷᠤᠯᠭ᠎ᠠ ᠶᠢᠨ | ᠬᠠᠷᠢᠭᠤᠴᠠᠯᠭ᠎ᠠ ᠶᠢ ᠠᠶᠢᠮᠠᠭ ᠬᠤᠲᠠ ᠡᠭᠦᠷᠭᠡᠯᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠬᠡᠲᠦ ᠤᠯᠠᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠠᠴᠠ ᠵᠠᠶᠢᠯᠠᠰᠬᠢᠬᠦ ᠬᠡᠷᠡᠭᠲᠡᠢ᠃ | ᠲᠣᠰ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | | | | | | | | | |